ᠦᠩᠭᠡᠷᠡᠭᠰᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯ ᠰᠡᠳᠤᠪ ᠲᠤᠳᠤᠷᠬᠠᠢ ᠪᠢᠰᠢ᠂ ᠠᠭᠤᠯᠭ᠎ᠠ | ᠶᠢ ᠨᠢ ᠬᠡᠮᠵᠢᠶᠡᠯᠡᠬᠦ ᠳᠤ ᠬᠦᠴᠢᠷ᠂ ᠲᠦᠷᠢᠮ ᠢ ᠨᠢ ᠬᠢᠨᠠᠨ ᠰᠢᠯᠭᠠᠬᠤ ᠳᠤ ᠬᠦᠴᠢᠷ᠂ ᠬᠠᠷᠢᠭᠤᠴᠠᠯᠭ᠎ᠠ | ᠨᠠᠶᠢᠳᠠᠪᠦᠷᠢᠵᠢᠭᠤᠯᠬᠤ ᠳᠤ ᠬᠦᠴᠢᠷ ᠵᠡᠷᠭᠡ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢᠨ ᠲᠦᠯᠦᠭᠡ᠂ ᠬᠠᠶᠢᠷᠤᠪ ᠤᠨ | ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠷᠢᠳᠤᠬᠢ ᠬᠤᠭᠤᠴᠠᠭᠠᠨ ᠤ | ᠪᠠᠶᠢᠴᠠᠭᠠᠨ ᠰᠤᠳᠤᠯᠤᠯᠲᠠ ᠢᠶᠠᠷ ᠲᠠᠮᠵᠢᠭᠠᠳ᠂ 12 ᠨᠠᠮ ︵ᠠᠵᠢᠯᠯᠠᠬᠤ︶ ᠤᠨ ᠬᠤᠷᠢᠶᠠᠨ ᠤ ᠰᠠᠨᠠᠯ ᠢ ᠦᠷᠭᠡᠨ | ᠢᠶᠠᠷ ᠬᠤᠷᠢᠶᠠᠵᠦ᠂ ︽ᠬᠠᠶᠢᠷᠤᠪ ᠤᠨ ᠲᠤᠬᠤᠢ ᠲᠤᠭᠤᠷᠢᠭ ᠤᠨ ᠦᠨᠳᠤᠰᠤᠨ ᠱᠠᠳᠤᠨ ᠤ ᠨᠠᠮ ᠤᠨ ᠪᠠᠶᠢᠭᠤᠯᠤᠯᠲᠠ | ᠶᠢᠨ ᠠᠵᠢᠯ ᠢ ᠬᠡᠮᠵᠢᠶᠡᠭᠦᠯᠦᠨ ᠬᠢᠨᠠᠨ ᠰᠢᠯᠭᠠᠵᠦ ᠦᠨᠡᠯᠡᠬᠦ ᠠᠷᠭ᠎ᠠ ︵ᠲᠤᠷᠰᠢᠨ ᠬᠡᠷᠡᠭᠯᠡᠬᠦ︶︾ ᠶᠢ ᠲᠤᠭᠲᠠᠭᠠᠪᠠ᠃ | ᠬᠠᠶᠢᠷᠤᠪ ᠤᠨ ᠲᠤᠬᠤᠢ ᠲᠤᠭᠤᠷᠢᠭ ︽ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ | ᠰᠢᠪᠠᠳᠠᠨ ᠪᠠᠶᠢᠴᠠᠭᠠᠬᠤ᠂ ᠬᠢᠨᠠᠨ ᠰᠢᠯᠭᠠᠵᠦ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠶᠢ ᠴᠢᠩᠭ᠎ᠠ | ᠨᠠᠶᠢᠳᠠᠪᠦᠷᠢᠵᠢᠭᠤᠯᠵᠦ᠂ ᠬᠢᠨᠠᠨ ᠰᠢᠯᠭᠠᠵᠦ ᠦᠨᠡᠯᠡᠬᠦ ᠠᠷᠭ᠎ᠠ ᠶᠢ ᠵᠠᠭᠤᠨ ᠬᠤᠪᠢ ᠶᠢᠨ ᠲᠦᠷᠢᠮ ᠢᠶᠠᠷ ᠠᠪᠴᠦ᠂ | ᠡᠭᠦᠨ ᠳᠤ ᠡᠳᠤᠷ ᠲᠤᠳᠤᠮ ᠤᠨ ᠬᠢᠨᠠᠨ ᠰᠢᠯᠭᠠᠯᠲᠠ 40% ᠢ ᠡᠵᠡᠯᠡᠵᠦ᠂ ᠵᠢᠯ ᠤᠨ ᠬᠠᠷᠠᠯᠲᠠ ᠶᠢᠨ ᠬᠢᠨᠠᠨ | ᠰᠢᠯᠭᠠᠯᠲᠠ 60% ᠢ ᠡᠵᠡᠯᠡᠨ᠎ᠡ᠃ ᠤᠯᠠᠷᠢᠯ ᠤᠨ ᠬᠢᠨᠠᠨ ᠰᠢᠯᠭᠠᠯᠲᠠ ᠪᠠ ᠡᠳᠤᠷ ᠲᠤᠳᠤᠮ ᠤᠨ ᠲᠤᠬᠠᠶᠢᠯᠠᠭᠰᠠᠨ | ᠠᠵᠢᠯ ᠤᠨ ᠵᠤᠯᠭᠠᠭᠤᠯᠬᠤ ᠰᠠᠭᠤᠷᠢᠨ ᠳᠡᠭᠡᠷ᠎ᠡ ᠵᠢᠯ ᠤᠨ ᠬᠠᠷᠠᠯᠲᠠ ᠶᠢᠨ ᠬᠢᠨᠠᠨ ᠰᠢᠯᠭᠠᠯᠲᠠ ᠶᠢᠨ ᠦᠷ᠎ᠡ ᠳ᠋ᠦᠩ ᠲᠠᠢ | ᠤᠶᠠᠯᠳᠤᠭᠤᠯᠵᠦ᠂ ᠬᠢᠨᠠᠨ ᠰᠢᠯᠭᠠᠬᠤ ᠡᠵᠡᠯᠡᠬᠦ ᠬᠠᠷᠢᠴᠠᠯ ᠢ ᠵᠦᠢ ᠵᠤᠬᠢᠰᠲᠠᠢ᠂ ᠰᠢᠰᠲ᠋ᠧᠮᠵᠢᠭᠦᠯᠵᠦ ᠲᠤᠳᠤᠷᠬᠠᠢ | ᠪᠤᠯᠭᠠᠬᠤ ᠬᠡᠷᠡᠭᠲᠠᠢ᠃ ᠬᠢᠨᠠᠨ ᠰᠢᠯᠭᠠᠬᠤ ᠨᠠᠷᠢᠨ ᠲᠦᠷᠢᠮ ᠢᠶᠠᠨ ᠨᠡᠶᠢᠳᠡᠴᠢ ᠴᠢᠨᠠᠷ ᠲᠠᠢ ᠨᠠᠷᠢᠨ ᠲᠦᠷᠢᠮ ᠪᠤᠯᠤᠨ | ᠲᠠᠷᠢᠶᠠᠯᠠᠩ ᠤᠨ ᠤᠷᠤᠨ᠂ ᠨᠡᠶᠢᠭᠡᠮ ᠲᠤᠭᠤᠷᠢᠭ᠂ ᠠᠯᠪᠠᠨ ᠪᠠᠶᠢᠭᠤᠯᠤᠯᠭ᠎ᠠ ᠵᠡᠷᠭᠡ 7 ᠠᠳᠠᠯᠢ ᠪᠤᠰᠤ ᠬᠡᠪᠴᠢᠶᠡᠨ ᠤ | ᠦᠪᠡᠷᠮᠢᠴᠠ ᠨᠠᠷᠢᠨ ᠲᠦᠷᠢᠮ᠂ 21 ᠵᠦᠢᠯ ᠤᠨ ᠨᠡᠶᠢᠲᠡᠯᠢᠭ ᠴᠢᠨᠠᠷᠲᠠᠢ ᠬᠢᠨᠠᠨ ᠰᠢᠯᠭᠠᠬᠤ ᠠᠭᠤᠯᠭ᠎ᠠ ᠪᠠ 85 ᠵᠦᠢᠯ | ᠤᠨ ᠦᠪᠡᠷᠮᠢᠴᠠ ᠨᠠᠷᠢᠨ ᠲᠦᠷᠢᠮ ᠶᠢ ᠲᠤᠳᠤᠷᠬᠠᠢ ᠪᠤᠯᠭᠠᠵᠦ᠂ ᠵᠢᠯ ᠤᠨ ᠶᠡᠷᠤᠩᠬᠡᠶᠢᠯᠡᠭᠰᠡᠨ ᠰᠢᠯᠭᠠᠨ ᠬᠢᠨᠠᠭᠰᠠᠨ | ᠦᠷ᠎ᠡ ᠳ᠋ᠦᠩ ᠢ ᠶᠡᠷᠤ ᠳᠡᠭᠡᠨ ᠰᠠᠶᠢᠨ᠂ ᠨᠡᠯᠢᠶᠡᠳ ᠰᠠᠶᠢᠨ᠂ ᠡᠩ ᠤᠨ᠂ ᠡᠨᠠᠢ ᠵᠡᠷᠭᠡ 4 ᠲᠦᠷᠤᠯ ᠬᠤᠪᠢᠶᠠᠵᠦ᠂ | ᠰᠢᠯᠭᠠᠨ ᠬᠢᠨᠠᠭᠰᠠᠨ ᠦᠷ᠎ᠡ ᠳ᠋ᠦᠩ ᠢ ᠴᠠᠭ ᠲᠤᠨᠢ ᠲᠤᠬᠢᠷᠠᠭᠤᠯᠤᠨ ᠵᠠᠷᠯᠠᠨ ᠮᠡᠳᠡᠭᠳᠡᠨ᠎ᠡ᠂ ᠦᠳᠤᠰᠤᠨ ᠱᠠᠳᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠬᠢᠨᠠᠨ ᠰᠢᠯᠭᠠᠭᠰᠠᠨ ᠦᠷ᠎ᠡ ᠳ᠋ᠦᠩ ᠳᠤ ᠪᠠᠷᠤᠭᠲᠠᠢ ᠪᠦᠭᠡᠳ | ᠲᠤᠪᠤᠶᠢᠮ᠎ᠠ ᠠᠰᠠᠭᠤᠳᠠᠯ ᠤᠷᠤᠰᠢᠵᠦ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠲᠠ ᠵᠢᠴᠢ ᠲᠡᠭᠦᠨ ᠤᠨ ᠭᠤᠤᠯ | ᠬᠠᠷᠢᠭᠤᠴᠠᠯᠭᠠᠲᠡᠨ ᠯᠤᠭ᠎ᠠ ᠪᠤᠯᠵᠤᠨ ᠶᠠᠷᠢᠯᠴᠠᠬᠤ ᠶᠢᠨ ᠬᠠᠮᠳᠤ ᠬᠢᠨᠠᠨ ᠰᠢᠯᠭᠠᠭᠰᠠᠨ ᠦᠷ᠎ᠡ ᠳ᠋ᠦᠩ ᠢᠶᠠᠷ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠪᠤᠯᠤᠨ ᠨᠠᠮ ᠤᠨ ᠭᠡᠰᠢᠭᠦᠨ ᠺᠠᠳ᠋ᠷᠴᠦᠳ ᠤᠨ ᠵᠢᠯ ᠤᠨ | ᠬᠢᠨᠠᠨ ᠰᠢᠯᠭᠠᠯᠲᠠ᠂ ᠠᠵᠢᠯ ᠤᠨ ᠠᠮᠵᠢᠯᠲᠡ ᠪᠦᠳᠤᠮᠵᠢ ᠶᠢ ᠰᠢᠯᠭᠠᠨ ᠬᠢᠨᠠᠬᠤ᠂ ᠺᠠᠳ᠋ᠷ ᠢ ᠲᠤᠬᠢᠷᠠᠭᠤᠯᠬᠤ ᠶᠢᠨ | ᠴᠢᠬᠤᠯᠠ ᠦᠨᠳᠤᠰᠦ ᠪᠠᠷᠢᠮᠲᠠ ᠪᠤᠯᠭᠠᠵᠦ᠂ ᠬᠠᠷᠢᠭᠤᠴᠠᠯᠭ᠎ᠠ ᠨᠡᠬᠡᠮᠵᠢᠯᠡᠬᠦ᠂ ᠦᠷ᠎ᠡ ᠳ᠋ᠦᠩ ᠠᠰᠠᠭᠤᠬᠤ ᠲᠤᠭᠳᠠᠴᠠ | ᠶᠢ ᠪᠠᠶᠢᠭᠤᠯᠤᠨ᠎ᠠ᠃ | ᠬᠠᠮᠳᠤ ᠳᠤᠨᠢ ᠵᠤᠬᠢᠬᠤ ᠲᠤᠭᠠᠨ ᠤ ᠦᠨᠳᠤᠰᠦᠨ ᠱᠠᠳᠤᠨ ᠤ ᠰᠢᠯᠢᠳᠡᠭ ᠨᠠᠮ ᠤᠨ ᠵᠤᠬᠢᠶᠠᠨ ᠪᠠᠶᠢᠭᠤᠯᠤᠯᠲᠠ | ᠪᠠ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢ ᠴᠠᠭ ᠲᠤᠨᠢ ᠲᠤᠬᠢᠷᠠᠭᠤᠯᠤᠨ ᠬᠦᠬᠢᠭᠦᠯᠦᠨ ᠰᠠᠶᠢᠰᠢᠶᠠᠵᠦ᠂ | ᠬᠦᠬᠢᠭᠦᠯᠤᠨ ᠱᠠᠩᠨᠠᠬᠤ ᠪᠤᠶᠤ ᠱᠠᠩᠨᠠᠬᠤ ᠪᠠᠷ ᠲᠤᠰᠠᠯᠠᠬᠤ ᠶᠢ ᠤᠷᠤᠭᠤᠯᠵᠦ᠂ ᠰᠢᠯᠢᠳᠡᠭ ᠨᠠᠮ ᠤᠨ ᠵᠤᠬᠢᠶᠠᠨ | ᠪᠠᠶᠢᠭᠤᠯᠤᠯᠲᠠ ᠶᠢᠨ ᠲᠤᠷᠰᠢᠯᠭ᠎ᠠ ᠪᠠ ᠠᠷᠭ᠎ᠠ ᠬᠢᠳᠠᠯ ᠢ ᠢᠳᠡᠪᠬᠢᠲᠠᠢ ᠳᠡᠯᠭᠡᠷᠡᠭᠦᠯᠵᠦ᠂ ᠦᠨᠳᠤᠰᠦᠨ ᠱᠠᠳᠤᠨ ᠤ ᠨᠠᠮ | ᠤᠨ ᠪᠠᠶᠢᠭᠤᠯᠤᠯᠲᠠ ᠶᠢᠨ ᠰᠢᠯᠭᠠᠨ ᠦᠨᠡᠯᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠎ᠠ᠃ | |