ᠦᠬᠠᠢ ᠬᠤᠲᠠ ᠶᠢᠨ ᠯᠠᠨᠵᠸᠤ ᠳᠤ ᠰᠠᠭᠤᠷᠢᠰᠢᠭ᠎ᠠ ᠴᠢᠳᠠᠪᠤᠷᠢᠳᠠᠨ ᠤ ᠠᠵᠢᠯ ᠤᠨ ᠦᠷᠲᠡᠭᠡ ᠶᠢᠨ ᠫᠠᠶᠢᠰᠠ ᠰᠡᠬᠦᠬᠦ ᠶᠤᠰᠤᠯᠠᠯ ᠯᠠᠨᠵᠸᠤ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2018-12-18
 
     12 ᠳ᠋ᠤᠭᠠᠷ ᠰᠠᠷ᠎ᠠ ᠶᠢᠨ 14 ᠤ ᠡᠳᠦᠷ᠂ ᠦᠬᠠᠢ ᠬᠤᠲᠠ ᠶᠢᠨ ᠯᠠᠨᠵᠸᠤ ᠳᠤ ᠰᠠᠭᠤᠷᠢᠰᠢᠭ᠎ᠠ ᠴᠢᠳᠠᠪᠤᠷᠢᠳᠠᠨ  ᠤ ᠠᠵᠢᠯ ᠤᠨ ᠦᠷᠲᠡᠭᠡ ᠶᠢᠨ ᠫᠠᠶᠢᠰᠠ ᠰᠡᠬᠦᠬᠦ ᠶᠤᠰᠤᠯᠠᠯ ᠯᠠᠨᠵᠸᠤ ᠶᠡᠭᠡ ᠰᠤᠷᠭᠠᠭᠤᠯᠢ ᠳᠤ ᠶᠠᠪᠤᠭᠳᠠᠵᠠᠢ᠃ ᠯᠠᠨᠵᠸᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠶᠦᠨ ᠵᠠᠨ ᠲᠢᠩ᠂ ᠯᠠᠨᠵᠸᠤ ᠶᠡᠭᠡ ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠯᠠᠨᠵᠸᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠬᠦᠸᠧ ᠴᠢ ᠨᠠᠷ ᠫᠠᠶᠢᠰᠠ ᠰᠡᠬᠦᠬᠦ ᠶᠤᠰᠤᠯᠠᠯ ᠳᠤ ᠤᠷᠤᠯᠴᠠᠵᠢ᠃      ᠦᠬᠠᠢ ᠬᠤᠲᠠ ᠶᠢᠨ ᠯᠠᠨᠵᠸᠤ ᠳᠤ ᠰᠠᠭᠤᠷᠢᠰᠢᠭ᠎ᠠ ᠴᠢᠳᠠᠪᠤᠷᠢᠳᠠᠨ ᠤ ᠠᠵᠢᠯ ᠤᠨ ᠦᠷᠲᠡᠭᠡ ᠶᠢ ᠮᠠᠨ ᠤ ᠬᠤᠲᠠ ᠪᠤᠯᠤᠨ ᠯᠠᠨᠵᠸᠤ ᠶᠡᠭᠡ ᠰᠤᠷᠭᠠᠭᠤᠯᠢ ᠠᠴᠠ ᠬᠠᠮᠲᠤᠷᠠᠨ ᠪᠠᠶᠢᠭᠤᠯᠵᠤ᠂ ᠯᠠᠨᠵᠸᠤ ᠶᠡᠭᠡ ᠰᠤᠷᠭᠠᠭᠤᠯᠢ ᠶᠢᠨ ᠡᠯᠪᠡᠭ ᠪᠠᠶᠠᠯᠢᠭ ᠴᠢᠳᠠᠪᠤᠷᠢᠳᠠᠨ ᠤ ᠡᠬᠢ ᠪᠠᠶᠠᠯᠢᠭ ᠲᠤ ᠲᠦᠰᠢᠭᠯᠡᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠰᠤᠷᠠᠭ ᠵᠠᠩᠬᠢ ᠶᠢ ᠬᠠᠷᠢᠯᠴᠠᠨ ᠨᠡᠪᠲᠡᠷᠡᠭᠦᠯᠭᠦ ᠰᠤᠯᠢᠯᠴᠠᠭᠠᠨ ᠤ ᠲᠠᠪᠴᠠᠩ ᠢ ᠪᠠᠶᠢᠭᠤᠯᠵᠠᠢ᠃ ᠴᠢᠳᠠᠪᠤᠷᠢᠳᠠᠨ ᠤ ᠠᠵᠢᠯ ᠤᠨ ᠦᠷᠲᠡᠭᠡ ᠨᠢ ᠰᠤᠷᠲᠠᠯᠴᠢᠯᠠᠵᠦ ᠬᠠᠷᠢᠯᠴᠠᠬᠤ ᠳᠠᠪᠠᠭᠤᠯᠢᠭ ᠢᠶᠠᠨ ᠪᠠᠲᠠᠷᠠᠭᠤᠯᠵᠤ᠂ ᠯᠠᠨᠵᠸᠤ ᠶᠡᠭᠡ ᠰᠤᠷᠭᠠᠭᠤᠯᠢ ᠶᠢᠨ ᠰᠤᠷᠤᠭᠴᠢᠳ ᠤᠨ ᠠᠵᠢᠯ ᠤᠯᠭᠤᠯᠳᠠ ᠶᠢᠨ ᠳᠠᠳᠤᠯᠭ᠎ᠠ ᠶᠢᠨ ᠰᠠᠭᠤᠷᠢᠨ ᠭᠠᠵᠠᠷ᠂ ᠫᠤᠰᠲ ᠳ᠋ᠤᠺᠲ᠋ᠧᠷ ᠤᠨ ᠠᠵᠢᠯ ᠤᠨ ᠦᠷᠲᠡᠭᠡ᠂ ᠮᠡᠷᠭᠡᠵᠢᠯ ᠢ ᠰᠢᠯᠵᠢᠬᠦᠯᠬᠦ ᠲᠦᠪ᠂ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ ᠵᠡᠷᠭᠡ ᠴᠢᠳᠠᠪᠤᠷᠢᠳᠠᠨ ᠤ ᠠᠵᠢᠯ ᠤᠨ ᠠᠴᠢᠶᠠᠯᠠᠭᠴᠢ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠳᠠᠨ ᠤ ᠠᠵᠢᠯ ᠤᠨ ᠦᠷᠲᠡᠭᠡᠨ ᠤ ᠪᠦᠲᠦᠮᠵᠢᠳᠡᠢ  ᠠᠵᠢᠯᠯᠠᠬᠤ ᠶᠢ ᠠᠬᠢᠭᠤᠯᠬᠤ ᠪᠤᠯᠤᠨ᠎ᠠ᠃

 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map