ᠲᠤᠮᠤ ᠬᠡᠯᠪᠡᠷᠢ ᠶᠢᠨ ᠤᠯᠤᠰ ᠲᠦᠷᠦ ᠶᠢᠨ ᠰᠢᠭᠦᠮᠵᠢ ᠶᠢᠨ ᠲᠤᠰᠬᠠᠢ ᠰᠡᠳᠦᠪᠲᠦ ᠹᠢᠯᠢᠮ ︽ᠵᠠᠶᠢᠯᠠᠰᠢ ᠦᠭᠡᠢ ᠵᠠᠮ︾ ᠮᠠᠨ ᠤ ᠬᠤᠲᠠ ᠳᠤ ᠶᠡᠭᠡ ᠳᠤᠰᠬᠠᠯ ᠭᠠᠷᠪᠠ
ᠨᠡᠶᠢᠲᠡᠯᠡᠭᠰᠡᠨ ᠴᠠᠭ᠄
2018-12-18

     12 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ᠂ 8 ᠪᠦᠯᠦᠭᠲᠦ ᠲᠤᠮᠤ ᠬᠡᠯᠪᠡᠷᠢ ᠶᠢᠨ ᠤᠯᠤᠰ

ᠲᠦᠷᠦ ᠶᠢᠨ ᠰᠢᠭᠦᠮᠵᠢ ᠶᠢᠨ ᠲᠤᠰᠬᠠᠢ ᠰᠡᠳᠦᠪᠲᠦ ᠹᠢᠯᠢᠮ ︽ᠵᠠᠶᠢᠯᠠᠰᠢ ᠦᠭᠡᠢ ᠵᠠᠮ︾ ᠲᠦᠪ ᠲᠧᠯᠸᠢᠰ ᠤᠨ

ᠶᠡᠷᠦᠩᠬᠡᠶᠢᠯᠡᠭᠰᠡᠨ ᠰᠤᠪᠠᠭ ᠲᠤ ᠨᠡᠪᠲᠡᠷᠭᠦᠯᠦᠭᠰᠡᠨ ᠠᠴᠠ ᠨᠠᠰᠢ᠂ ᠮᠠᠨ ᠤ ᠬᠤᠲᠠ ᠳᠤ ᠶᠡᠭᠡ ᠳᠤᠰᠬᠠᠯ ᠭᠠᠷᠴᠠᠢ᠃

     ᠮᠠᠨ ᠤ ᠬᠤᠲᠠ ᠶᠢᠨ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ︽ᠵᠠᠶᠢᠯᠠᠰᠢ ᠦᠭᠡᠢ ᠵᠠᠮ︾

ᠭᠡᠬᠦ ᠹᠢᠯᠢᠮ ᠤᠨ ᠡᠮᠦᠨ᠎ᠡ ᠬᠡᠳᠦᠨ ᠪᠦᠯᠦᠭ ᠢ ᠦᠵᠡᠭᠰᠡᠨ ᠤ ᠳᠠᠷᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠬᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠤᠭᠤᠳᠤᠯᠭ᠎ᠠ ᠪᠤᠯᠭᠠᠵᠤ᠂ ᠠᠷᠠᠳ ᠲᠦᠮᠡᠨ ᠢᠶᠠᠷ ᠲᠦᠪ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ

ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠮᠦᠷᠦᠭᠡᠳᠦᠯ ᠢ ᠲᠡᠮᠡᠴᠡᠬᠦ ᠬᠠᠷᠠᠯᠲᠠ

 ᠪᠠᠨ ᠪᠤᠯᠭᠠᠵᠤ᠂ ᠪᠤᠲᠠᠳᠤ ᠦᠢᠯᠡᠳᠦᠯᠭᠡ ᠳᠤ ᠮᠠᠷᠠᠶᠢᠵᠤ᠂ ᠡᠮᠦᠨ᠎ᠡ ᠡᠩᠨᠡᠭᠡᠨ ᠳᠤ ᠠᠯᠬᠤᠯᠠᠵᠤ᠂ ︽ᠦᠵᠡᠰᠭᠦᠯᠡᠩ

ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ

ᠲᠡᠷᠭᠡᠯᠰᠢᠯᠡᠭᠦᠯᠦᠶ᠎ᠡ︾ ᠭᠡᠬᠦ ᠦᠬᠠᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠤᠪᠢ ᠨᠡᠮᠡᠷᠢ

ᠦᠵᠡᠭᠦᠯᠦᠨ᠎ᠡ ᠭᠡᠵᠦ ᠢᠯᠡᠷᠬᠡᠶᠢᠯᠡᠵᠡᠢ᠃

 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map