ᠤᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠶᠢ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠵᠠᠩᠭᠢᠯᠠᠭ᠎ᠠ ᠪᠤᠯᠭᠠᠵᠤ᠂ ᠲᠦᠪ ᠪᠤᠯᠤᠨ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠠᠴᠠ ᠲᠤᠬᠢᠷᠠᠭᠤᠯᠤᠨ ᠪᠠᠶᠢᠷᠢᠰᠢᠯᠠᠭᠤᠯᠤᠭᠰᠠᠨ ᠡᠯ᠎ᠡ ᠲᠦᠷᠦᠯ | ᠤᠨ ᠦᠭᠡᠷᠡᠴᠢᠯᠡᠯᠲᠡ ᠶᠢᠨ ᠡᠭᠦᠷᠭᠡ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠦᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ᠂ ︽ᠦᠬᠠᠢ ᠶᠢᠨ ᠬᠦᠭ | ᠠᠶᠢᠵᠢᠮ︾ ᠢ ᠬᠦᠭᠵᠢᠮᠳᠡᠵᠡᠢ᠃ | ᠦᠨᠦ ᠵᠢᠯ ᠤᠨ 7 ᠳ᠋ᠤᠭᠠᠷ ᠰᠠᠷ᠎ᠠ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ | ᠶᠢᠨ ᠦᠬᠠᠢ ᠬᠤᠲᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ | ᠪᠠᠶᠢᠭᠤᠯᠤᠭᠳᠠᠵᠤ᠂ ᠪᠠᠶᠢᠭᠤᠯᠭ᠎ᠠ ᠶᠢ ᠨᠢᠭᠡᠳᠦᠭᠡᠭᠰᠡᠨ ᠠᠴᠠ ᠬᠤᠶᠢᠰᠢ᠂ ᠬᠠᠶᠢᠷᠣᠪ ᠤᠨ ᠲᠤᠬᠤᠢ ᠲᠤᠭᠤᠷᠢᠭ ᠤᠨ | ᠭᠠᠶᠢᠯᠢ ᠶᠢᠨ ᠶᠠᠪᠤᠳᠠᠯ ᠤᠨ ᠲᠤᠪᠴᠢᠶ᠎ᠠ ︽ᠨᠢᠭᠡ ᠲᠢᠩᠬᠢᠮ ᠳᠤ ᠪᠦᠬᠦᠨ ᠢ ᠪᠡᠶᠡᠯᠡᠭᠦᠯᠬᠦ︾᠂ ︽ᠨᠢᠭᠡ ᠰᠢᠷᠢᠰ | ᠮᠠᠲ᠋ᠧᠷᠢᠶᠠᠯ ᠢᠶᠠᠷ ᠰᠢᠢᠳᠪᠦᠷᠢᠯᠡᠬᠦ︾᠂ ︽ᠭᠤᠤᠯ ᠳᠡᠳ᠋ ᠭᠠᠶᠢᠯᠢ ᠶᠢᠨ ᠰᠦᠢᠳᠭᠡᠯ ᠢ ᠨᠢᠭᠡ ᠤᠳᠠᠭᠠᠨ ᠳᠤ | ᠰᠢᠢᠳᠪᠦᠷᠢᠯᠡᠬᠦ︾ ᠵᠡᠷᠭᠡ ᠦᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ | ᠲᠤᠰᠢᠶᠠᠭᠰᠠᠳ ᠤᠨ ᠳᠠᠩᠰᠠᠯᠠᠯᠲᠡ᠂ ᠬᠤᠪᠢᠷᠠᠭᠤᠯᠤᠯᠲᠡ ᠵᠡᠷᠭᠡ 19 ᠲᠦᠷᠦᠯ ᠵᠦᠢᠯ ᠤᠨ ︽ᠢᠵᠢᠯ ᠲᠦᠷᠦᠯ ᠢ | ᠬᠠᠮᠳᠤᠳᠬᠠᠵᠤ︾᠂ ᠪᠠᠷᠢᠮᠵᠢᠶ᠎ᠠ ᠨᠢᠭᠡᠳᠦᠯᠲᠡᠢ᠂ ᠵᠠᠷᠴᠢᠮ ᠨᠢᠭᠡᠳᠦᠯᠲᠡᠢ᠂ ᠮᠠᠲ᠋ᠧᠷᠢᠶᠠᠯ ᠨᠢᠭᠡᠳᠦᠯᠲᠡᠢ ᠪᠠᠶᠢᠬᠤ ᠶᠢ | ᠪᠡᠶᠡᠯᠡᠭᠦᠯᠵᠡᠢ᠃ | ᠶᠡᠷᠦᠩᠬᠡᠶᠢᠯᠡᠪᠡᠯ᠂ ᠮᠠᠨ ᠤ ᠬᠤᠲᠠ ᠬᠠᠮᠤᠭ ᠤᠨ ᠣᠷᠲᠤ ᠬᠤᠭᠤᠴᠠᠭᠠᠨ ᠤ ᠲᠦᠯᠦᠪᠯᠡᠭᠡ ᠶᠢ ᠲᠠᠰᠤᠷᠠᠯᠲᠡ | ᠦᠭᠡᠢ ᠲᠡᠭᠦᠯᠳᠡᠷᠵᠢᠭᠦᠯᠵᠦ᠂ ︽ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠷᠭ᠎ᠠ | ᠠᠪᠴᠢᠯ ᠢ ᠬᠡᠷᠡᠭᠵᠢᠭᠦᠯᠬᠦ ᠲᠦᠰᠦᠪ︾ ᠢ ᠲᠤᠭᠲᠠᠭᠠᠵᠤ᠂ ᠬᠠᠤᠯᠢ ᠴᠠᠭᠠᠵᠠ᠂ ᠡᠳ᠋ ᠶᠢᠨ ᠵᠠᠰᠠᠭ ᠭᠠᠶᠢᠯᠢ᠂ | ᠡᠮᠴᠢᠯᠡᠭᠡ᠂ ᠲᠧᠭᠨᠢᠭ ᠮᠡᠷᠭᠡᠵᠢᠯ ᠤᠨ ᠲᠤᠭᠲᠠᠯᠴᠠᠭ᠎ᠠ᠂ ᠬᠦᠯ ᠪᠦᠮᠪᠦᠭᠡᠨ ᠤ ᠲᠤᠭᠲᠠᠯᠴᠠᠭ᠎ᠠ ᠵᠡᠷᠭᠡ ᠨᠢ ᠪᠤᠲᠠᠲᠠᠢ ᠲᠠᠢ | ᠤᠶᠠᠯᠳᠤᠵᠤ᠂ ᠡᠯ᠎ᠡ ᠲᠤᠭᠤᠷᠢᠭ ᠡᠯ᠎ᠡ ᠰᠠᠯᠠᠭ᠎ᠠ ᠮᠦᠴᠢᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠭᠤᠴᠢᠨ ᠢ | ᠡᠪᠳᠡᠵᠦ ᠰᠢᠨ᠎ᠡ ᠶᠢ ᠪᠠᠶᠢᠭᠤᠯᠵᠤ᠂ ᠦᠨᠳᠦᠷ ᠶᠠᠰᠤ ᠴᠢᠨᠠᠷ ᠲᠠᠢ ᠬᠦᠭᠵᠢᠯᠲᠡ ᠶᠢ ᠠᠬᠢᠭᠤᠯᠬᠤ ᠳᠤ ᠲᠤᠬᠢᠷᠠᠯᠴᠠᠬᠤ | ᠦᠭᠡᠢ ᠠᠯᠢᠪᠠ ᠦᠵᠡᠯ ᠰᠠᠨᠠᠭ᠎ᠠ ᠤᠶᠢᠯᠠᠭᠠᠭᠳᠠᠬᠤᠨ ᠪᠤᠯᠤᠨ ᠲᠤᠭᠲᠠᠯᠴᠠᠭ᠎ᠠ ᠶᠢᠨ ᠭᠡᠮ ᠰᠤᠭᠤᠭ ᠢ ᠠᠷᠢᠯᠭᠠᠵᠤ᠂ | ᠦᠭᠡᠷᠡᠴᠢᠯᠡᠯᠲᠡ ᠶᠢᠨ ᠠᠰᠢᠭ ᠤᠨᠤᠭᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠲᠠᠯᠪᠢᠵᠤ ᠪᠠᠶᠢᠨ᠎ᠠ᠃ |