ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠮᠠᠨ ᠤ ᠬᠤᠲᠠ ᠶᠢᠨ | ᠪᠡᠶ᠎ᠡ ᠲᠠᠮᠢᠷ ᠤᠨ ᠰᠣᠶᠣᠯ ᠤᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ᠂ 11 ᠰᠠᠷ᠎ᠠ ᠶᠢᠨ 23 ᠤ ᠡᠳᠦᠷ᠂ ᠬᠤᠲᠠ ᠶᠢᠨ | ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠬᠢᠯᠡᠵᠦ᠂ ᠬᠤᠲᠠ ᠶᠢᠨ ᠠᠯᠠᠭᠠᠳᠠᠬᠤ ᠪᠥᠮᠪᠦᠭᠡ ᠶᠢᠨ | ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ 2019 ᠣᠨ ᠤ ︽ᠪᠢ ᠡᠬᠡ ᠤᠯᠤᠰ ᠲᠠᠢ ᠪᠠᠨ · ᠠᠵᠢᠯᠴᠢᠨ ᠤ | ᠡᠪᠯᠡᠯ ᠬᠤᠨᠳᠠᠭᠠᠲᠤ︾ ᠪᠦᠬᠦ ᠬᠤᠲᠠ ᠶᠢᠨ ᠠᠵᠢᠯᠲᠠᠨ ᠠᠵᠢᠯᠴᠢᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ | ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠳᠤ ᠡᠬᠢᠯᠡᠪᠡ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ | ᠲᠤᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠿᠧᠨ ᠸᠧᠨ ᠢ᠂ ᠬᠤᠲᠠ ᠶᠢᠨ ᠳᠡᠳ᠋ ᠳᠠᠷᠤᠭ᠎ᠠ ᠡᠤ ᠶᠧ ᠸᠧᠨ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠰᠦᠩ ᠰᠢᠶᠣᠤ ᠴᠦᠨ ᠡᠬᠢᠯᠡᠬᠦ ᠶᠣᠰᠣᠯᠠᠯ ᠳᠤ ᠣᠷᠣᠯᠴᠠᠪᠠ᠃ | ᠡᠯ᠎ᠡ ᠲᠣᠭᠤᠷᠢᠭ᠂ ᠡᠯ᠎ᠡ ᠠᠵᠢᠯ ᠲᠥᠷᠥᠯ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 25 | ᠲᠥᠯᠥᠭᠡᠯᠡᠭᠴᠢᠳ ᠤᠨ ᠠᠩᠭᠢ᠂ 200 ᠭᠠᠷᠤᠶ ᠠᠵᠢᠯᠲᠠᠨ ᠠᠵᠢᠯᠴᠢᠨ ᠤ ᠲᠠᠮᠢᠷᠴᠢᠨ ᠤᠷᠤᠯᠳᠤᠭᠠᠨ ᠳᠤ | ᠣᠷᠣᠯᠴᠠᠪᠠ᠃ ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠡᠯ᠎ᠡ ᠳᠤᠭᠤᠶᠢᠯᠠᠩ ᠤᠨ ᠲᠠᠮᠢᠷᠴᠢᠳ ᠰᠡᠳᠬᠢᠯ | ᠰᠠᠨᠠᠭ᠎ᠠ ᠪᠠᠨ ᠣᠯᠣᠯᠴᠠᠵᠤ᠂ ᠪᠦᠯᠬᠦᠮᠳᠡᠨ ᠬᠠᠮᠵᠢᠯᠴᠠᠵᠤ᠂ ᠬᠤᠷᠴᠠ ᠰᠢᠷᠦᠭᠦᠨ ᠦᠷᠢᠰᠦᠯᠳᠦᠵᠡᠭᠡᠪᠡ᠃ | ᠦᠵᠡᠭᠴᠢᠳ ᠤᠨ ᠰᠠᠭᠤᠳᠠᠯ ᠳᠡᠭᠡᠷ᠎ᠡ᠂ ᠵᠤᠷᠢᠭᠵᠢᠭᠤᠯᠬᠤ᠂ ᠰᠦᠷ ᠦᠵᠡᠭᠦᠯᠬᠦ ᠳᠠᠭᠤᠨ ᠲᠠᠰᠤᠷᠠᠯᠲᠠ ᠦᠭᠡᠢ | ᠴᠤᠤᠷᠢᠶᠠᠲᠤᠵᠤ᠂ ᠬᠠᠯᠠᠭᠤᠨ ᠰᠡᠳᠬᠢᠯᠲᠦ ᠦᠵᠡᠭᠴᠢᠳ ᠪᠠᠶᠢᠨ ᠪᠠᠶᠢᠨ ᠲᠠᠮᠢᠷᠴᠢᠳ ᠤᠨ ᠲᠥᠯᠥᠭᠡ ᠤᠷᠢᠶ᠎ᠠ | ᠬᠠᠰᠬᠢᠷᠤᠨ ᠵᠤᠷᠢᠭᠵᠢᠭᠤᠯᠵᠤ ᠪᠠᠶᠢᠯ᠎ᠠ᠃ | ᠲᠣᠰ ᠤᠳᠠᠭ᠎ᠠ ᠶᠢᠨ ᠤᠷᠤᠯᠳᠤᠭᠠᠨ ᠨᠢ ᠮᠠᠨ ᠤ ᠬᠤᠲᠠ ᠶᠢᠨ ᠥᠷᠭᠡᠨ ᠣᠯᠠᠨ ᠠᠯᠠᠭᠠᠳᠠᠬᠤ ᠪᠥᠮᠪᠦᠭᠡ ᠶᠢᠨ | ᠪᠠᠭ᠋ᠠᠷᠬᠠᠭᠴᠢᠳ ᠲᠤ ᠰᠣᠯᠢᠯᠴᠠᠭ᠎ᠠ ᠬᠢᠬᠦ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ | ᠠᠵᠢᠯᠲᠠᠨ ᠠᠵᠢᠯᠲᠠᠨ ᠢ ᠠᠵᠢᠯ ᠤᠨ ᠴᠢᠯᠥᠭᠡᠨ ᠳᠡᠭᠡᠨ ᠥᠪᠡᠷ ᠢ ᠪᠠᠨ ᠳᠡᠯᠭᠡᠨ ᠦᠵᠡᠭᠦᠯᠵᠦ᠂ ᠪᠡᠶ᠎ᠡ ᠰᠡᠳᠬᠢᠯ ᠢᠶᠠᠨ | ᠪᠠᠶᠠᠰᠬᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠣᠷᠣᠯᠴᠠᠭᠤᠯᠬᠤ ᠳᠤ ᠲᠠᠪᠴᠠᠩ ᠬᠠᠩᠭᠠᠵᠠᠢ᠃ |