ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠭᠰᠠᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-11-25
     ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠬᠤᠷᠢᠶᠠᠨ ᠤ ᠠᠩᠬᠠᠳᠤᠭᠠᠷ᠂ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ  ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠭᠰᠠᠨ ᠶᠠᠷᠢᠯᠴᠠᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠣᠭᠤᠷᠢᠨ ᠪᠠᠶᠢᠴᠠᠭᠠᠭᠴᠢ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠷᠪᠠᠳᠤᠭᠠᠷ ᠲᠤᠭᠤᠶᠢᠯᠠᠩ ᠤᠨ ᠲᠤᠭᠤᠶᠢᠯᠠᠩ ᠤᠨ ᠳᠠᠷᠤᠭ᠎ᠠ ᠳ᠋ᠤᠸᠠᠨ ᠢ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ᠂ ᠳᠡᠳ᠋ ᠬᠤᠳᠠ ᠶᠢᠨ ᠳᠠᠷᠤᠭ᠎ᠠ ᠴᠢᠤᠸᠠᠨ ᠵᠢᠤᠸᠠᠢ ᠮᠢᠨ ᠬᠤᠷᠠᠯ ᠳᠤ ᠣᠷᠣᠯᠴᠠᠪᠠ᠃      ᠲᠣᠰ ᠡᠳᠦᠷ᠂ ᠬᠤᠲᠠ ᠶᠢᠨ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠲᠠ ᠶᠢᠨ ᠰᠢᠭᠤᠳ ᠬᠠᠷᠢᠶ᠎ᠠ ᠬᠠᠤᠯᠢᠵᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠥᠯᠥᠭᠡᠯᠡᠭᠴᠢ ᠵᠢᠴᠢ ᠬᠠᠤᠯᠢᠴᠢ ᠶᠢᠨ ᠲᠥᠯᠥᠭᠡᠯᠡᠭᠴᠢ ᠲᠣᠰ ᠤᠳᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠬᠢᠨ ᠲᠣᠬᠢᠷᠠᠭᠤᠯᠤᠯᠲᠠ ᠶᠣᠰᠣᠭᠠᠷ ᠡᠯ᠎ᠡ ᠬᠠᠮᠢᠶ᠎ᠠ ᠪᠦᠬᠦᠢ ᠬᠠᠷᠠᠭᠠᠯᠵᠠᠭᠰᠠᠨ ᠬᠤᠷᠠᠯ ᠤᠨ ᠲᠠᠯᠠᠪᠠᠢ ᠳᠤ ᠬᠦᠷᠴᠦ ᠶᠠᠷᠢᠯᠴᠠᠭ᠎ᠠ ᠦᠷᠨᠢᠬᠦᠯᠪᠡ᠃      ᠶᠠᠷᠢᠯᠴᠠᠬᠤ ᠬᠤᠷᠠᠯ ᠳᠡᠭᠡᠷ᠎ᠡ᠂ ᠡᠯ᠎ᠡ ᠳᠤᠭᠤᠶᠢᠯᠠᠩ ᠤᠨ ᠳᠠᠷᠤᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠤᠭᠰᠠᠨ ᠪᠠᠶᠢᠳᠠᠯ ᠤᠨ ᠲᠣᠭᠤᠷᠢᠨ ᠳᠤ᠂ ᠰᠢᠰᠲ᠋ᠧᠮ ᠲᠠᠢ ᠪᠥᠭᠡᠳ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠪᠦᠲᠦᠮᠵᠢᠲᠡᠶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠪᠠᠶᠢᠭᠤᠯᠤᠭᠰᠠᠨ ᠪᠠ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠭᠰᠡᠨ ᠪᠠᠶᠢᠳᠠᠯ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠤᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠳᠡᠭᠡᠭᠰᠢᠯᠡᠭᠦᠯᠦᠭᠰᠡᠨ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠪᠡᠶᠡᠯᠡᠭᠦᠯᠦᠭᠰᠡᠨ ᠪᠠᠶᠢᠳᠠᠯ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠭᠰᠠᠨ ᠪᠠᠶᠢᠳᠠᠯ ᠵᠡᠷᠭᠡ ᠲᠠᠯ᠎ᠠ  ᠪᠠᠷ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠪᠠᠰᠠ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠵᠡᠷᠭᠡ ᠭᠠᠵᠠᠷ ᠲᠤ ᠬᠦᠷᠴᠦ᠂ ᠶᠠᠷᠢᠯᠴᠠᠬᠤ ᠬᠤᠷᠠᠯ ᠬᠢᠬᠦ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠲᠤᠬᠠᠶ ᠶᠢᠨ ᠭᠠᠵᠠᠷ ᠤᠨ ᠱᠠᠯᠠᠪᠳᠠᠭᠤᠯᠤᠨ ᠪᠠᠶᠢᠴᠠᠭᠠᠯᠲᠠ ᠦᠷᠨᠢᠬᠦᠯᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map