ᠣᠯᠠᠨ ᠲᠦᠮᠡᠨ ᠤ ᠳᠡᠷᠭᠡᠳᠡᠬᠢ ︽ᠤᠯᠠᠭᠠᠨᠮᠥ᠋ᠴᠢᠷ︾
ᠨᠡᠶᠢᠲᠡᠯᠡᠭᠰᠡᠨ ᠴᠠᠭ᠄
2019-11-26
     ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡ ᠶᠢ ᠥᠪᠥᠷ ᠮᠣᠩᠭᠤᠯ ᠳᠤ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠢ ᠵᠣᠬᠢᠶᠠᠨ ᠪᠠᠶᠢᠭᠤᠯᠬᠤ ᠪᠠᠷ ᠳᠠᠮᠵᠢᠨ᠂ ᠲᠣᠰ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠵᠠᠮ ᠬᠠᠷᠢᠯᠴᠠᠭ᠎ᠠ ᠳᠥᠭᠦᠮ ᠦᠭᠡᠢ ᠂ ᠰᠣᠶᠣᠯ ᠤᠨ ᠠᠮᠢᠳᠤᠷᠠᠯ ᠳᠤᠲᠠᠮᠠᠭ᠂ ᠰᠠᠭᠤᠷᠢ ᠲᠥᠬᠦᠭᠡᠷᠦᠮᠵᠢ ᠪᠠᠭᠤᠷᠠᠶ ᠭᠠᠵᠠᠷ ᠣᠷᠣᠨ ᠳᠤ ᠬᠦᠷᠴᠦ᠂ ᠡᠯ᠎ᠡ ᠲᠥᠷᠥᠯ ᠤᠨ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠮ ᠪᠣᠯᠤᠨ ᠤᠯᠤᠰ ᠤᠨ ᠴᠢᠭᠯᠡᠯᠲᠡ᠂ ᠲᠥᠷᠦ ᠶᠢᠨ ᠪᠣᠳᠣᠯᠭ᠎ᠠ ᠶᠢ ᠠᠷᠠᠳ ᠲᠦᠮᠡᠨ ᠤ ᠳᠤᠮᠳᠠ ᠬᠦᠷᠭᠡᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠩ ᠪᠠᠲᠤ ᠴᠢᠩᠭ᠎ᠠ ᠢᠲᠡᠭᠡᠯ ᠵᠣᠷᠢᠭ ᠪᠠ ᠡᠷᠡᠰ ᠵᠣᠷᠢᠭ ᠢᠶᠠᠷ᠂ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠣᠷᠣᠯᠴᠠᠵᠤ᠂ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ ᠢ ᠪᠠᠶᠢᠭᠤᠯᠬᠤ ᠪᠣᠳᠠᠲᠠᠶ ᠦᠢᠯᠡᠳᠦᠯᠭᠡ ᠳᠤ ᠣᠷᠣᠯᠴᠠᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map