ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠬᠢᠨᠠᠨ ᠬᠡᠮᠵᠢᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ ᠪᠣᠶ
ᠨᠡᠶᠢᠲᠡᠯᠡᠭᠰᠡᠨ ᠴᠠᠭ᠄
2019-11-27
     ᠮᠠᠨ ᠤ ᠬᠤᠲᠠ ᠶᠢᠨ ᠢᠳᠡᠭᠡᠨ ᠠᠴᠠ ᠰᠢᠯᠲᠠᠭᠠᠯᠠᠭᠰᠠᠨ ᠡᠪᠡᠳᠴᠢᠨ ᠡᠮᠭᠡᠭ ᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠬᠡᠮᠵᠢᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠪᠦᠬᠦ ᠬᠤᠲᠠ ᠶᠢᠨ ᠢᠳᠡᠭᠡᠨ ᠠᠴᠠ ᠰᠢᠯᠲᠠᠭᠠᠯᠠᠭᠰᠠᠨ ᠡᠪᠡᠳᠴᠢᠨ ᠡᠮᠭᠡᠭ ᠢ ᠬᠢᠨᠠᠨ ᠬᠡᠮᠵᠢᠬᠦ ᠠᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠤᠨ 6 ᠰᠠᠷ᠎ᠠ ᠶᠢᠨ ᠰᠡᠭᠦᠯᠴᠢ ᠠᠴᠠ ᠡᠬᠢᠯᠡᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ᠂ ᠲᠦᠷᠭᠡᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ 24 ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠢᠳᠡᠭᠡᠨ ᠠᠴᠠ ᠰᠢᠯᠲᠠᠭᠠᠯᠠᠭᠰᠠᠨ ᠡᠪᠡᠳᠴᠢᠨ ᠡᠮᠭᠡᠭ ᠢ ᠬᠢᠨᠠᠨ ᠬᠡᠮᠵᠢᠬᠦ ᠠᠵᠢᠯ ᠳᠤ ᠲᠤᠰᠬᠠᠶ ᠰᠢᠪᠠᠳᠠᠨ ᠵᠢᠯᠣᠭᠤᠳᠴᠤ ᠪᠠᠶᠢᠴᠠᠭᠠᠯᠲᠠ ᠬᠢᠪᠡ᠃      ᠰᠢᠪᠠᠳᠠᠨ ᠵᠢᠯᠣᠭᠤᠳᠬᠤ ᠳᠤᠭᠤᠶᠢᠯᠠᠩ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠰᠢᠪᠠᠳᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠭᠰᠡᠨ ᠪᠠᠶᠢᠳᠠᠯ᠂ ᠢᠳᠡᠭᠡᠨ ᠠᠴᠠ ᠰᠢᠯᠲᠠᠭᠠᠯᠠᠭᠰᠠᠨ ᠡᠪᠡᠳᠴᠢᠨ ᠭᠡᠨᠡᠳᠲᠡ ᠡᠭᠦᠰᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠵᠢᠴᠢ ᠡᠯ᠎ᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ᠂ ᠳᠡᠭᠡᠭᠰᠢ ᠮᠡᠳᠡᠭᠦᠯᠦᠭᠰᠡᠨ᠂ ᠡᠮᠨᠡᠯᠭᠡ ᠶᠢᠨ ᠬᠤᠷᠢᠶᠠᠨ ᠳᠤ ᠪᠣᠯᠪᠠᠰᠤᠷᠠᠭᠤᠯᠤᠯ ᠬᠢᠭᠰᠡᠨ ᠵᠡᠷᠭᠡ ᠪᠠᠶᠢᠳᠠᠯ ᠢ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠪᠡ᠃ ᠰᠢᠪᠠᠳᠠᠨ ᠵᠢᠯᠣᠭᠤᠳᠬᠤ ᠳᠤᠭᠤᠶᠢᠯᠠᠩ ᠰᠢᠪᠠᠳᠠᠨ ᠵᠢᠯᠣᠭᠤᠳᠬᠤ ᠪᠠᠷ ᠳᠠᠮᠵᠢᠨ ᠣᠯᠵᠤ ᠮᠡᠳᠡᠭᠰᠡᠨ ᠨᠢ᠂ ᠬᠡᠰᠡᠭ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠬᠠᠷᠢᠶ᠎ᠠ ᠣᠷᠣᠨ ᠤ ᠬᠠᠷᠠᠭᠤᠯ ᠤᠨ ᠭᠠᠵᠠᠷ ᠤᠨ ᠡᠮᠨᠡᠯᠭᠡ ᠶᠢᠨ ᠬᠤᠷᠢᠶ᠎ᠠ ᠳᠤ ᠰᠢᠪᠠᠳᠠᠨ ᠵᠢᠯᠣᠭᠤᠳᠬᠤ ᠠᠵᠢᠯ ᠥᠷᠨᠢᠭᠦᠯᠦᠭᠰᠡᠨ ᠥᠬᠡᠶ᠂ ᠣᠨᠴᠠ ᠵᠠᠷᠢᠮ ᠡᠪᠡᠳᠴᠢᠨ ᠤ ᠬᠢᠨᠠᠨ ᠬᠠᠷᠭᠤᠭᠤᠯᠤᠯᠲᠠ ᠶᠢ ᠴᠠᠭ ᠲᠤᠬᠠᠶ ᠳᠤᠨᠢ ᠭᠦᠢᠴᠡᠳᠭᠡᠭᠰᠡᠨ ᠥᠬᠡᠶ︔ ᠨᠢᠳᠤᠨᠤᠨ ᠨᠢᠭᠡ ᠪᠦᠯᠦᠭ ᠰᠢᠨ᠎ᠡ ᠪᠠᠷ ᠨᠡᠮᠡᠭᠳᠡᠭᠰᠡᠨ ᠬᠠᠷᠠᠭᠤᠯ ᠤᠨ ᠭᠠᠵᠠᠷ ᠤᠨ ᠡᠮᠨᠡᠯᠭᠡ ᠶᠢᠨ ᠬᠤᠷᠢᠶ᠎ᠠ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠬᠢᠨᠠᠨ ᠬᠡᠮᠵᠢᠬᠦ ᠠᠵᠢᠯ ᠢ ᠴᠢᠬᠤᠯᠠᠴᠢᠯᠠᠬᠤ ᠬᠡᠮᠵᠢᠶ᠎ᠡ ᠨᠢ ᠬᠦᠷᠦᠯᠴᠡᠬᠦ ᠦᠭᠡᠢ᠂ ᠳᠦᠷᠢᠮ ᠨᠢ ᠪᠦᠷᠢᠨ ᠲᠡᠭᠦᠯᠳᠡᠷ ᠪᠤᠰᠤ᠂ ᠳᠣᠲᠣᠭᠠᠳᠤ ᠶᠢᠨ ᠪᠣᠯᠪᠠᠰᠤᠷᠠᠭᠤᠯᠤᠯ ᠢ ᠪᠣᠳᠠᠲᠠᠶᠢᠵᠢᠭᠤᠯᠤᠭᠰᠠᠨ ᠦᠭᠡᠢ᠂ ᠣᠷᠬᠢᠭᠳᠠᠭᠤᠯᠤᠨ ᠮᠡᠳᠡᠭᠦᠯᠬᠦ ᠦᠵᠡᠭᠳᠡᠯ ᠣᠷᠣᠰᠢᠵᠤ ᠪᠠᠶᠢᠨ᠎ᠠ᠃      ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠰᠢᠪᠠᠳᠠᠨ ᠵᠢᠯᠣᠭᠤᠳᠬᠤ ᠳᠤᠭᠤᠶᠢᠯᠠᠩ ᠲᠤᠬᠠᠶ ᠶᠢᠨ ᠲᠠᠯᠠᠪᠤᠷ ᠲᠤ ᠵᠢᠯᠣᠭᠤᠳᠬᠤ ᠰᠠᠨᠠᠯ ᠪᠠ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠳᠤᠷᠠᠳᠤᠭᠰᠠᠨ ᠪᠥᠭᠡᠳ ᠡᠯ᠎ᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠦᠨ ᠪᠣᠯᠪᠠᠰᠤᠷᠠᠭᠤᠯᠤᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠬᠡᠮᠵᠢᠬᠦ ᠠᠵᠢᠯ ᠢ ᠠᠯᠢ ᠲᠦᠷᠭᠡᠨ ᠢᠶᠠᠷ ᠵᠥᠪ ᠵᠠᠮ ᠳᠤ ᠣᠷᠣᠭᠤᠯᠬᠤ ᠬᠡᠷᠡᠭᠲᠡᠶ ᠭᠡᠵᠦ ᠱᠠᠭᠠᠷᠳᠠᠪᠠ︔ ᠡᠳᠦᠷ ᠪᠦᠷᠢ ᠰᠦᠯᠵᠢᠶᠡᠨ ᠳᠤ ᠭᠠᠷᠴᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠪᠠᠶᠢᠴᠠᠭᠠᠨ ᠦᠵᠡᠬᠦ ᠶᠢᠨ ᠬᠠᠮᠲᠤ ᠴᠠᠭ ᠲᠤᠬᠠᠶ ᠳᠤᠨᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠨ᠂ ᠢᠳᠡᠭᠡᠨ ᠤ ᠠᠮᠤᠷ ᠲᠦᠪᠰᠢᠨ ᠤ ᠠᠳᠡᠯ ᠤᠨ ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠯᠲᠠ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠢᠳᠡᠭᠡᠨ ᠠᠴᠠ ᠢᠷᠡᠯᠲᠡ ᠲᠠᠢ ᠡᠪᠡᠳᠴᠢᠨ ᠭᠡᠨᠡᠳᠲᠡ ᠡᠭᠦᠰᠦᠭᠰᠡᠨ ᠬᠡᠷᠡᠭ ᠤᠨ ᠪᠠᠶᠢᠴᠠᠭᠠᠯᠲᠠ ᠪᠠᠨ ᠵᠢᠷᠤᠮᠵᠢᠭᠤᠯᠤᠨ ᠥᠷᠨᠢᠭᠦᠯᠵᠦ᠂ ᠡᠯ᠎ᠡ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠣᠲᠣᠭᠠᠳᠤ ᠶᠢᠨ ᠪᠣᠯᠪᠠᠰᠤᠷᠠᠭᠤᠯᠤᠯ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠠᠵᠢᠯ ᠤᠨ ᠳᠦᠷᠢᠮ ᠪᠣᠯᠤᠨ ᠴᠤᠪᠤᠷᠠᠯ ᠢᠶᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠮᠠᠲ᠋ᠧᠷᠢᠶᠠᠯ ᠢ ᠨᠥᠬᠦᠪᠥᠷᠢᠯᠡᠨ ᠲᠡᠭᠦᠯᠳᠡᠷᠵᠢᠭᠦᠯᠵᠦ᠂ ᠢᠳᠡᠭᠡᠨ ᠠᠴᠠ ᠢᠷᠡᠯᠲᠡ ᠲᠠᠢ ᠡᠪᠡᠳᠴᠢᠨ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map