ᠲᠦᠷᠦᠭᠦᠤ 10 ᠰᠠᠷ᠎ᠠ ᠳᠤ ᠪᠥᠬᠦ ᠬᠤᠲᠠ ᠶᠢᠨ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠨ ᠬᠥᠮᠦᠨ 5963 ᠪᠣᠯᠪᠠ
ᠨᠡᠶᠢᠲᠡᠯᠡᠭᠰᠡᠨ ᠴᠠᠭ᠄
2019-11-27
     ᠰᠤᠷᠪᠤᠯᠵᠢᠯᠠᠭᠴᠢ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ ᠠᠴᠠ ᠣᠶᠢᠯᠭᠠᠭᠰᠠᠨ ᠨᠢ᠂ 10 ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠶᠢᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠳ 5963 ᠬᠥᠮᠥᠨ᠂ ᠬᠤᠲᠠ ᠪᠠᠯᠭᠠᠰᠤᠨ ᠤ ᠠᠵᠢᠯ ᠠᠯᠳᠠᠭᠰᠠᠳ ᠳᠠᠬᠢᠨ ᠠᠵᠢᠯ ᠣᠯᠤᠭᠰᠠᠨ ᠨᠢ 3145 ᠬᠥᠮᠥᠨ᠂ ᠠᠵᠢᠯ ᠣᠯᠬᠤ ᠳᠤ ᠬᠦᠴᠢᠷᠲᠡᠶ ᠬᠦᠮᠦᠰ ᠠᠴᠠ 1807 ᠬᠥᠮᠥᠨ ᠠᠵᠢᠯ ᠣᠯᠵᠤ᠂ ᠠᠵᠢᠯ ᠠᠯᠳᠠᠯᠲᠠ ᠶᠢᠨ ᠳᠠᠭᠠᠳᠬᠠᠯ ᠳᠤ 86641 ᠬᠥᠮᠥᠨ ᠣᠷᠣᠯᠴᠠᠭᠰᠠᠨ ᠪᠠᠶᠢᠨ᠎ᠠ᠃      ᠡᠨᠡ ᠵᠢᠯ᠂ ᠮᠠᠨ ᠤ ᠬᠤᠲᠠ ᠠᠵᠢᠯ ᠣᠯᠭᠤᠵᠣ ᠦᠢᠯᠡᠰ ᠪᠣᠰᠬᠠᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠨᠠᠩ ᠢᠳᠡᠪᠬᠢᠲᠡᠢ ᠠᠵᠢᠯ ᠣᠯᠭᠤᠯᠲᠠ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠳᠣᠭᠲᠠᠪᠤᠷᠢᠵᠢᠭᠤᠯᠵᠤ᠂ ᠠᠵᠢᠯ ᠣᠯᠭᠤᠵᠣ ᠦᠢᠯᠡᠰ ᠪᠣᠰᠬᠠᠬᠤ ᠶᠢ ᠠᠬᠢᠭᠤᠯᠵᠤ᠂ ᠪᠣᠯᠪᠠᠰᠤᠷᠠᠯ ᠦᠢᠯᠡᠴᠢᠯᠡᠭᠡ ᠶᠢ ᠴᠢᠩᠭᠠᠳᠬᠠᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠪᠠᠭᠤᠷᠠᠭᠤᠯᠬᠤ᠂ ᠠᠵᠤ ᠠᠬᠤᠶᠢᠯᠠᠯ ᠳᠤ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠤᠰᠠᠯᠠᠵᠤ ᠪᠠᠶᠢᠭᠠᠳ ᠠᠯᠢ ᠴᠢᠳᠠᠬᠤ ᠪᠠᠷ ᠬᠥᠮᠦᠨ ᠬᠠᠰᠤᠬᠤ ᠥᠬᠡᠶ᠂ ᠴᠥᠭᠡᠨ ᠬᠠᠰᠤᠬᠤ ᠵᠡᠷᠭᠡ ᠠᠷᠭ᠎ᠠ ᠶᠢ ᠠᠪᠤᠪᠠ᠃ ᠶᠡᠭᠡ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠤᠲᠠ ᠣᠷᠤᠵᠤ ᠠᠵᠢᠯ ᠡᠷᠢᠭᠰᠡᠳ᠂ ᠠᠵᠢᠯ ᠣᠯᠬᠤ ᠳᠤ ᠬᠦᠴᠢᠷᠲᠡᠶ ᠬᠥᠮᠦᠰ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠂ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠬᠥᠮᠦᠰ ᠵᠡᠷᠭᠡ ᠬᠠᠮᠲᠤ ᠨᠡᠶᠢᠲᠡ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠶ ᠠᠵᠢᠯ ᠣᠯᠭᠤᠬᠤ ᠦᠢᠯᠡᠴᠢᠯᠡᠭᠡ ᠥᠷᠨᠢᠭᠦᠯᠵᠦ᠂ ᠬᠤᠲᠠ ᠶᠢᠨ ᠠᠷᠠᠳ ᠤᠨ ᠣᠯᠠᠨ ᠶᠠᠩᠵᠤᠯᠠᠭᠰᠠᠨ᠂ ᠣᠯᠠᠨ ᠳᠡᠰ ᠳᠠᠪᠬᠤᠷᠭᠠᠲᠤ᠂ ᠣᠯᠠᠨ ᠲᠠᠯ᠎ᠠ ᠶᠢᠨ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map