ᠵᠧᠤ ᠶᠤᠸᠠᠨ ᠯᠢᠩ ᠪᠣᠯ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠠᠩᠭ᠍ᠯᠢ ᠬᠡᠯᠡᠨ ᠤ | ᠪᠠᠭᠰᠢ ᠪᠥᠭᠡᠳ ᠰᠢᠯᠢᠳᠡᠭ ᠡᠪ ᠬᠠᠮᠲᠤ ᠨᠠᠮ ᠤᠨ ᠭᠡᠰᠢᠭᠦᠨ ᠶᠤᠮ᠃ 2001 ᠣᠨ ᠳᠤ ᠠᠵᠢᠯ ᠳᠤ | ᠣᠷᠣᠯᠴᠠᠭᠰᠠᠨ ᠠᠴᠠ ᠨᠠᠭᠠᠰᠢ᠂ ᠵᠧᠤ ᠶᠤᠸᠠᠨ ᠯᠢᠩ ᠵᠢᠭᠠᠨ ᠰᠤᠷᠭᠠᠬᠤ ᠠᠵᠢᠯ ᠳᠤ ᠰᠢᠮᠳᠠᠵᠤ᠂ ᠦᠨᠡᠨ ᠢ | ᠪᠠᠷᠢᠮᠲᠠᠯᠠᠨ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠥᠪᠡᠷ ᠤᠨ ᠬᠥᠮᠦᠨ ᠴᠢᠨᠠᠷ ᠢᠶᠠᠷ ᠢᠶᠠᠨ ᠰᠤᠷᠤᠭᠴᠢᠳ ᠢ | ᠨᠥᠯᠥᠭᠡᠯᠡᠵᠦ᠂ ᠪᠢᠴᠢᠭ ᠵᠢᠭᠠᠬᠤ ᠶᠠᠪᠤᠴᠠ ᠳᠤ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠴᠢᠨᠠᠷ ᠢᠶᠠᠨ | ᠪᠠᠳᠠᠷᠠᠭᠤᠯᠵᠤ᠂ ᠰᠤᠷᠤᠭᠴᠢ ᠪᠠ ᠭᠡᠷ ᠤᠨ ᠠᠬᠠᠮᠠᠳ ᠤᠨ ᠨᠤᠲᠠᠯᠠᠯᠲᠠ ᠪᠠ ᠰᠠᠶᠢᠨ ᠦᠨᠡᠯᠡᠯᠲᠡ ᠶᠢ ᠣᠯᠤᠭᠰᠠᠨ | ᠪᠠᠶᠢᠨ᠎ᠠ᠃ | ᠴᠢᠳᠠᠪᠤᠷᠢ ᠳᠤᠨᠢ ᠲᠤᠬᠢᠷᠠᠭᠤᠯᠤᠨ ᠵᠢᠭᠠᠨ ᠰᠤᠷᠭᠠᠬᠤ ᠶᠢ ᠪᠠᠷᠢᠮᠲᠠᠯᠠᠵᠤ᠂ ᠰᠤᠷᠤᠭᠴᠢᠳ ᠤᠨ ᠰᠤᠷᠤᠯᠴᠠᠬᠤ | ᠤᠷᠮ᠎ᠠ ᠪᠠᠬ᠎ᠠ ᠶᠢ ᠬᠥᠭᠵᠢᠭᠡᠬᠦ ᠪᠣᠯ ᠵᠧᠤ ᠶᠤᠸᠠᠨ ᠯᠢᠩ ᠵᠢᠭᠠᠨ ᠰᠤᠷᠭᠠᠬᠤ ᠶᠠᠪᠤᠴᠠ ᠳᠠᠭᠠᠨ ᠪᠠᠷᠢᠮᠲᠠᠯᠠᠭᠰᠠᠭᠠᠷ | ᠢᠷᠡᠭᠰᠡᠨ ᠵᠠᠷᠴᠢᠮ ᠪᠣᠯᠤᠨ᠎ᠠ᠃ ᠰᠤᠷᠤᠭᠴᠢᠳ ᠤᠨ ᠠᠩᠭ᠍ᠯᠢ ᠬᠡᠯᠡ ᠰᠤᠷᠬᠤ ᠤᠷᠮ᠎ᠠ ᠪᠠᠬ᠎ᠠ ᠶᠢ ᠬᠥᠭᠵᠢᠭᠡᠬᠦ ᠶᠢᠨ | ᠲᠥᠯᠥᠭᠡ᠂ ᠵᠧᠤ ᠶᠤᠸᠠᠨ ᠯᠢᠩ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠵᠢᠭᠠᠨ ᠰᠤᠷᠭᠠᠯᠲᠠ ᠶᠢᠨ ᠭᠤᠭᠴᠤᠭ᠎ᠠ ᠶᠢ ᠤᠷᠠᠨ ᠢᠶᠠᠷ ᠲᠥᠯᠥᠪᠯᠡᠨ᠂ ᠣᠯᠠᠨ ᠵᠠᠭᠤᠴᠢᠲᠤ ᠬᠢᠴᠢᠶᠡᠯ ᠢ | ᠢᠳᠡᠪᠬᠢᠲᠡᠢ ᠵᠣᠬᠢᠶᠠᠵᠤ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ | ᠬᠡᠷᠡᠭᠯᠡᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠢᠯᠢᠳᠡᠭᠵᠢᠭᠦᠯᠵᠦ᠂ ᠰᠤᠷᠤᠭᠴᠢᠳ ᠤᠨ ᠵᠢᠭᠠᠨ | ᠰᠤᠷᠭᠠᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠂ ᠰᠤᠷᠤᠭᠴᠢᠳ ᠤᠨ ᠠᠩᠭ᠍ᠯᠢ ᠬᠡᠯᠡ ᠶᠢ | ᠶᠡᠷᠦᠩᠬᠡᠶᠢᠯᠡᠨ ᠬᠡᠷᠡᠭᠯᠡᠬᠦ ᠴᠢᠳᠠᠪᠤᠷᠢ ᠶᠢ ᠬᠦᠮᠦᠵᠢᠭᠦᠯᠬᠦ ᠶᠢ ᠴᠢᠬᠤᠯᠠᠴᠢᠯᠠᠳᠠᠭ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠪᠠᠭᠰᠢ ᠶᠢᠨ ᠵᠣᠷᠢᠯᠲᠠ ᠶᠢ ᠪᠠᠷᠢᠮᠲᠠᠯᠠᠵᠤ᠂ ᠵᠧᠤ | ᠶᠤᠸᠠᠨ ᠯᠢᠩ ᠤᠯᠤᠰ ᠲᠥᠷᠦ ᠶᠢᠨ ᠣᠨᠣᠯ ᠪᠣᠯᠤᠨ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠲᠠᠰᠤᠷᠠᠯᠲᠠ | ᠦᠭᠡᠢ ᠴᠢᠩᠭᠠᠳᠬᠠᠵᠤ᠂ ᠰᠣᠷᠣᠭᠰᠠᠨ ᠤᠯᠤᠰ ᠲᠥᠷᠦ ᠶᠢᠨ ᠠᠵᠢᠯ ᠤᠨ ᠦᠢᠯᠡᠳᠦᠯᠭᠡ ᠪᠠᠷ ᠢᠶᠠᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠣᠨᠣᠯ ᠵᠢᠴᠢ ᠲᠤᠰᠬᠠᠶ ᠮᠡᠷᠭᠡᠵᠢᠯ ᠤᠨ ᠤᠨᠤᠯ ᠤᠨ ᠮᠡᠳᠡᠯᠭᠡ ᠶᠢ ᠵᠢᠭᠠᠨ | ᠰᠤᠷᠭᠠᠯᠲᠠ ᠶᠢᠨ ᠦᠢᠯᠡᠳᠦᠯᠭᠡ ᠳᠤᠮᠳᠠ ᠬᠡᠷᠡᠭᠯᠡᠵᠦ᠂ ᠥᠪᠡᠷ ᠤᠨ ᠤᠯᠤᠰ ᠲᠥᠷᠦ ᠶᠢᠨ ᠤᠨᠤᠯ ᠤᠨ ᠲᠦᠪᠰᠢᠨ | ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ | 2006 ᠣᠨ ᠳᠤ ᠵᠧᠤ ᠶᠤᠸᠠᠨ ᠯᠢᠩ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠩᠭ᠍ᠯᠢ ᠬᠡᠯᠡᠨ ᠤ | ᠪᠠᠭᠰᠢ ᠶᠢᠨ ᠮᠡᠷᠭᠡᠵᠢᠯ ᠤᠨ ᠤᠷᠤᠯᠳᠤᠭᠠᠨ ᠤ ᠭᠤᠷᠪᠠᠳᠤᠭᠠᠷ ᠲᠡᠰ ᠤᠨ ᠱᠠᠩᠨᠠᠯ ᠢ ᠬᠦᠷᠲᠡᠪᠡ᠃ 2007 ᠣᠨ ᠳᠤ | ᠬᠤᠲᠠ ᠶᠢᠨ ᠲᠡᠰ ᠤᠨ ᠰᠢᠯᠢᠳᠡᠭ ᠪᠠᠭᠰᠢ ᠪᠠᠷ ᠦᠨᠡᠯᠡᠭᠳᠡᠪᠡ︔ 2008 ᠣᠨ ᠳᠤ ᠪᠦᠬᠦ ᠤᠯᠤᠰ ᠤᠨ ᠴᠥᠭᠡᠨ | ᠲᠣᠭᠠᠲᠤ ᠦᠨᠳᠦᠰᠦᠲᠡᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠭ᠍ᠯᠢ ᠬᠡᠯᠡᠨ ᠤ ᠵᠢᠭᠠᠨ ᠰᠤᠷᠭᠠᠯᠲᠠ | ᠬᠢᠭᠡᠳ ᠪᠠᠭᠰᠢ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠤᠨ ᠰᠢᠯᠢᠳᠡᠭ ᠬᠢᠴᠢᠶᠡᠯ ᠢᠶᠠᠷ ᠠᠩᠬ᠎ᠠ | ᠳᠤᠮᠳᠠᠳᠤ ᠶᠢᠨ ᠳᠤᠭᠤᠶᠢᠯᠠᠩ ᠤᠨ ᠨᠢᠭᠡᠳᠦᠭᠡᠷ ᠲᠡᠰ ᠤᠨ ᠱᠠᠩᠨᠠᠯ ᠬᠦᠷᠲᠡᠪᠡ᠃ 2012 ᠣᠨ ᠳᠤ ᠵᠢᠷᠭᠤᠳᠤᠭᠠᠷ | ᠬᠤᠭᠤᠴᠠᠭᠠᠨ ᠤ ᠪᠦᠬᠦ ᠤᠯᠤᠰ ᠤᠨ ᠠᠩᠬ᠎ᠠ ᠳᠤᠮᠳᠠᠳᠤ ᠶᠢᠨ ᠠᠩᠭ᠍ᠯᠢ ᠬᠡᠯᠡᠨ ᠤ ᠬᠢᠴᠢᠶᠡᠯᠯᠡᠭᠡ ᠶᠢᠨ ᠰᠢᠯᠢᠳᠡᠭ | ᠬᠢᠴᠢᠶᠡᠯᠯᠡᠭᠡ ᠶᠢᠨ ᠰᠢᠯᠭᠠᠷᠠᠭᠤᠯᠤᠯᠲᠠ ᠳᠤ ᠬᠤᠶᠠᠳᠤᠭᠠᠷ ᠲᠡᠰ ᠤᠨ ᠱᠠᠩᠨᠠᠯ ᠬᠦᠷᠲᠡᠪᠡ᠃ 2013 ᠣᠨ ᠳᠤ᠂ ᠵᠧᠤ | ᠶᠤᠸᠠᠨ ᠯᠢᠩ ᠮᠠᠨ ᠤ ᠬᠤᠲᠠ ᠶᠢᠨ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ︾ ᠢᠶᠠᠷ ᠦᠨᠡᠯᠡᠭᠳᠡᠪᠡ᠃ |