ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠲᠠ ᠳᠤ ᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2019-11-29
     11 ᠳ᠋ᠣᠭᠡᠷ ᠰᠠᠷ᠎ᠠ ᠶᠢᠨ 26 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠲᠠ ᠳᠤ ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠡ ᠶᠢᠨ ᠬᠤᠷᠠᠯ ᠬᠤᠷᠠᠯᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠲᠡᠭᠡᠲᠤ ᠰᠤᠷᠭᠠᠭᠤᠯᠢ ᠶᠢᠨ ᠫᠷᠣᠹᠧᠰᠰᠣᠷ ᠸᠠᠩ ᠯᠢ ᠬᠤᠸᠠ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃      ᠦᠬᠠᠶ ᠶᠢᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠳᠤ᠂ ᠸᠠᠩ ᠯᠢ ᠬᠤᠸᠠ ︽ᠳᠤᠮᠳᠠᠳᠤ ᠤᠯᠤᠰ ᠤᠨ ᠪᠠᠶᠢᠭᠤᠯᠤᠯ ᠠᠴᠠ ᠳᠤᠮᠳᠠᠳᠤ ᠤᠯᠤᠰ ᠤᠨ ᠵᠠᠰᠠᠯᠲᠠ ᠶᠢ ᠦᠵᠡᠬᠦ ᠨᠢ︾ ᠭᠡᠬᠦ ᠰᠡᠳᠦᠪ ᠢᠶᠠᠷ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ︽ᠰᠢᠢᠳᠪᠦᠷᠢ︾ ᠶᠢᠨ ᠮᠡᠨᠳᠦᠯᠡᠭᠰᠡᠨ ᠠᠬᠤᠶ ᠪᠠᠶᠢᠳᠠᠯ ᠵᠢᠴᠢ ᠠᠯᠤᠰ ᠬᠡᠲᠦ ᠶᠢᠨ ᠠᠴᠢ ᠬᠤᠯᠪᠣᠭᠳᠠᠯ᠂ ᠶᠠᠭᠤᠨ ᠳᠤ ᠳᠤᠮᠳᠠᠳᠤ ᠤᠯᠤᠰ ᠤᠨ ᠤᠯᠤᠰ ᠤᠨ ᠪᠠᠶᠢᠭᠤᠯᠤᠯ ᠪᠠ ᠵᠠᠰᠠᠯᠲᠠ ᠶᠢᠨ ᠰᠢᠰᠲ᠋ᠧᠮ ᠤᠨ ᠳᠠᠪᠠᠭᠤᠯᠢᠭ ᠢ ᠰᠤᠳᠤᠯᠬᠤ᠂ ᠠᠷᠪᠠᠨ ᠭᠤᠷᠪᠠᠨ ︽ᠪᠠᠷᠢᠮᠲᠠᠯᠠᠬᠤ ᠪᠠ ᠲᠡᠭᠦᠯᠳᠡᠷᠵᠢᠭᠦᠯᠬᠦ︾ ᠶᠢᠨ ᠭᠢᠯᠠᠰ ᠴᠡᠭ ᠪᠠ ᠭᠤᠤᠯᠳᠠᠯᠭ᠎ᠠ᠂ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ᠂ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠵᠡᠷᠭᠡ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠡᠮᠬᠢᠯᠡᠵᠦ ᠭᠦᠨᠵᠡᠭᠡᠶ ᠲᠠᠶᠢᠯᠪᠤᠷᠢᠯᠠᠪᠠ᠃      ︽ᠫᠷᠣᠹᠧᠰᠰᠣᠷ ᠪᠠᠭᠰᠢ ᠡ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠡᠷᠢᠭᠦᠨ ᠤ ᠴᠢᠨᠠᠷ ᠨᠢ ᠭᠤᠤᠯᠳᠠᠭᠤ ᠬᠠᠮᠢᠭ᠎ᠠ ᠢᠯᠡᠷᠡᠵᠦ ᠪᠠᠶᠢᠬᠤ ᠪᠣᠶ︖︾᠂ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠠᠴᠢ ᠬᠤᠯᠪᠣᠭᠳᠠᠯ ᠶᠠᠭᠠᠬᠢᠭᠠᠳ ᠡᠶᠢᠮᠦ ᠴᠢᠬᠤᠯᠠ ᠶᠡᠭᠡ ᠪᠣᠶ︖︾ ᠬᠡᠵᠦ ᠤᠬᠠᠭᠤᠯᠤᠨ ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠠᠰᠠᠭᠤᠯᠲᠠ ᠠᠰᠠᠭᠤᠵᠤ᠂ ᠸᠠᠩ ᠫᠷᠣᠹᠧᠰᠰᠣᠷ ᠬᠦᠯᠢᠴᠡᠩᠭᠦᠶ ᠨᠢᠮᠪᠠᠶ ᠬᠠᠷᠢᠭᠤᠯᠲᠠ ᠥᠭᠴᠡᠶ᠃ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠢᠮᠢ ᠶᠢᠨ ᠢᠨᠵᠧᠨᠧᠷᠢᠩ ᠤᠨ ᠰᠠᠯᠪᠤᠷᠢ ᠶᠢᠨ ᠰᠤᠷᠤᠭᠴᠢ ᠵᠠᠩ ᠹᠦ᠋ ᠬᠠᠩ᠄ ︽ᠸᠠᠩ ᠫᠷᠣᠫᠧᠰᠰᠤᠷ ᠤᠨ ᠤᠬᠠᠭᠤᠯᠤᠨ ᠲᠠᠶᠢᠯᠪᠤᠷᠢᠯᠠᠯᠲᠠ ᠨᠢ ᠨᠠᠳᠠ ᠶᠢ ᠨᠠᠩ ᠭᠦᠨ ᠳᠠᠪᠬᠤᠷᠭ᠎ᠠ᠂ ᠨᠠᠩ ᠣᠯᠠᠨ ᠬᠠᠷᠠᠭᠠᠰᠤ ᠠᠴᠠ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠨ ᠤᠶᠢᠯᠠᠭᠠᠭᠤᠯᠵᠠᠢ︾ ᠬᠡᠵᠡᠢ᠃      ᠳᠠᠷᠠᠭ᠎ᠠ ᠨᠢ᠂ ᠸᠠᠩ ᠯᠢ ᠬᠤᠸᠠ ᠪᠠᠰᠠ ᠬᠠᠶᠢᠷᠤᠪ ᠤᠨ ᠲᠣᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠭᠤᠤᠯ ᠠᠭᠤᠯᠭ᠎ᠠ ᠪᠣᠯᠤᠨ ᠠᠯᠤᠰ ᠬᠡᠲᠦ ᠶᠢᠨ ᠠᠴᠢ ᠬᠤᠯᠪᠣᠭᠳᠠᠯ ᠢ ᠨᠠᠷᠢᠨ ᠲᠠᠨᠢᠯᠴᠠᠭᠤᠯᠵᠤ᠂ ᠣᠯᠠᠨ ᠲᠠᠢ ᠰᠠᠨᠠᠯ ᠢᠶᠠᠨ ᠰᠣᠯᠢᠯᠴᠠᠪᠠ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ ᠳᠤᠷᠠᠳᠤᠭᠰᠠᠨ ᠬᠠᠮᠢᠶ᠎ᠠ ᠪᠦᠬᠦᠢ ᠠᠰᠠᠭᠤᠳᠠᠯ ᠳᠤ ᠴᠢᠭᠯᠡᠭᠦᠯᠦᠨ᠂ ᠸᠠᠩ ᠯᠢ ᠬᠤᠸᠠ ᠨᠢᠭᠡᠳ ᠨᠢᠭᠡ ᠪᠠᠷ ᠨᠠᠷᠢᠨ ᠲᠣᠳᠣᠷᠬᠠᠶ ᠬᠠᠷᠢᠭᠤᠯᠲᠠ ᠥᠭᠴᠡᠶ᠃ ᠤᠬᠠᠭᠤᠯᠤᠨ ᠲᠠᠶᠢᠯᠪᠤᠷᠢᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ᠡᠶᠢᠮᠦᠷᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠣᠯᠠᠨ ᠲᠦᠮᠡᠨ ᠲᠠᠢ ᠤᠶᠢᠷᠠᠳᠣᠵᠣ᠂ ᠭᠤᠤᠯ ᠰᠡᠳᠦᠪ ᠨᠢ ᠢᠯᠠ ᠲᠣᠳᠣ᠂ ᠠᠭᠤᠯᠭ᠎ᠠ ᠨᠢ ᠪᠠᠶᠠᠯᠢᠭ᠂ ᠦᠵᠡᠯ ᠰᠠᠨᠠᠭ᠎ᠠ ᠨᠢ ᠭᠦᠨᠵᠡᠭᠡᠶ ᠪᠠᠶᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ ᠪᠥᠭᠡᠳ ᠪᠠᠰᠠ ᠮᠠᠰᠢ ᠴᠢᠩᠭ᠎ᠠ ᠦᠢᠯᠡᠳᠦᠯᠭᠡᠲᠦ ᠴᠢᠨᠠᠷ ᠂ ᠵᠢᠯᠣᠭᠤᠳᠬᠤ ᠴᠢᠨᠠᠷ ᠲᠠᠢ ᠪᠠᠶᠢᠵᠤ᠂ ᠬᠥᠮᠦᠰ ᠢ ᠰᠡᠩᠬᠡᠷᠡᠭᠦᠯᠬᠦ ᠪᠠ ᠰᠤᠷᠭᠠᠨ ᠬᠥᠮᠦᠵᠢᠭᠦᠯᠬᠦ ᠦᠢᠯᠡᠳᠦᠯ ᠲᠠᠢ ᠭᠡᠵᠦ ᠢᠯᠡᠳᠬᠡᠵᠡᠭᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map