ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-11-29
     

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 11

ᠳ᠋ᠣᠭᠡᠷ ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ

ᠰᠢᠤᠸᠠᠢ ᠵᠢᠶᠦ᠋ᠨ ᠮᠠᠨ ᠤ ᠬᠤᠲᠠ ᠳᠤ ᠢᠷᠡᠵᠦ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ

ᠨᠠᠶᠢᠳᠠᠪᠤᠷᠢᠵᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠪᠠ᠃

     ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠪᠠᠷ᠎ᠠ ᠪᠣᠯᠵᠤ ᠶᠠᠷᠢᠯᠴᠠᠬᠤ ᠬᠤᠷᠠᠯ ᠳᠤ

ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ

ᠵᠢᠷᠭᠤᠳᠤᠭᠠᠷ ᠵᠢᠯᠣᠭᠤᠳᠬᠤ ᠲᠤᠭᠤᠶᠢᠯᠠᠩ ᠤᠨ ᠲᠤᠭᠤᠶᠢᠯᠠᠩ ᠤᠨ ᠳᠠᠷᠤᠭ᠎ᠠ ᠵᠠᠩ ᠮᠢᠩ ᠵᠦᠩ ᠶᠠᠷᠢᠯᠴᠠᠬᠤ

ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ

ᠳᠠᠷᠤᠭ᠎ᠠ ᠶᠠᠩ ᠯᠢ ᠮᠢᠨ ᠪᠠᠷ᠎ᠠ ᠪᠣᠯᠪᠠ᠃

     ᠮᠠ ᠰᠢᠤᠸᠠᠢ ᠵᠢᠶᠦ᠋ᠨ ᠤᠷᠢᠳ ᠬᠤᠵᠢᠳ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ

ᠪᠠᠯᠭᠠᠰᠤ ᠶᠢᠨ ᠰᠢᠨ ᠹᠧᠩ ᠲᠣᠰᠬᠤᠨ᠂ ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ ᠨᠡᠶᠢᠭᠡᠮ ᠲᠣᠭᠤᠷᠢᠭ ᠵᠡᠷᠭᠡ

ᠭᠠᠵᠠᠷ ᠲᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ

ᠪᠠᠶᠢᠴᠠᠭᠠᠨ ᠰᠤᠳᠤᠯᠵᠤ᠂ ᠦᠬᠠᠶ ᠶᠢᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠳᠤ ᠦᠵᠡᠯ ᠰᠠᠨᠠᠭ᠎ᠠ ᠤᠯᠤᠰ

ᠲᠥᠷᠦ ᠶᠢᠨ ᠤᠨᠤᠯ ᠤᠨ ᠬᠢᠴᠢᠶᠡᠯ ᠢ ᠰᠤᠯᠠ ᠰᠣᠨᠣᠰᠴᠤ᠂ ᠪᠠᠭᠰᠢ ᠰᠤᠷᠤᠭᠴᠢᠳ ᠲᠠᠢ ᠰᠠᠨᠠᠯ ᠢᠶᠠᠨ ᠰᠣᠯᠢᠯᠴᠠᠭᠰᠠᠨ

ᠪᠥᠭᠡᠳ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠨᠠᠶᠢᠳᠠᠪᠤᠷᠢᠵᠢᠭᠤᠯᠬᠤ ᠶᠠᠷᠢᠯᠴᠠᠬᠤ

ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ᠂ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂

ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠺᠠᠳ᠋ᠷ ᠪᠣᠯᠤᠨ ᠠᠵᠤ ᠠᠬᠤᠶᠢᠯᠠᠯ᠂ ᠰᠤᠷᠤᠭᠴᠢᠳ ᠤᠨ

ᠲᠥᠯᠥᠭᠡᠯᠡᠭᠴᠢ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠰᠠᠨᠠᠭᠤᠯᠭ᠎ᠠ ᠳᠤᠷᠠᠳᠪᠠ᠃

     ᠶᠠᠷᠢᠯᠴᠠᠬᠤ ᠬᠤᠷᠠᠯ ᠳᠡᠭᠡᠷ᠎ᠡ᠂ ᠮᠠ ᠰᠢᠤᠸᠠᠢ ᠵᠢᠶᠦ᠋ᠨ ᠮᠠᠨ ᠤ ᠬᠤᠲᠠ ᠶᠢᠨ ᠡᠮᠦᠨᠡᠬᠢ ᠨᠢᠭᠡ ᠱᠠᠲᠤᠨ ᠤ

ᠭᠤᠤᠯ ᠰᠡᠳᠦᠪᠲᠦ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢ ᠬᠦᠢᠴᠡᠳ ᠨᠤᠲᠠᠯᠠᠬᠤ ᠶᠢᠨ ᠬᠠᠮᠲᠤ᠂

ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠴᠢᠬᠤᠯᠠ

ᠵᠢᠭᠠᠪᠤᠷᠢ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ᠃ ︽ᠳᠥᠷᠪᠡᠨ ᠤᠬᠠᠮᠰᠠᠷ︾ ᠢ ᠴᠢᠩᠭᠠᠳᠬᠠᠬᠤ᠂

︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠲᠡᠭᠡᠲᠤ

ᠬᠡᠮᠵᠢᠶᠡᠨ ᠠᠴᠠ ᠠᠰᠠᠭᠤᠳᠠᠯ ᠢ ᠰᠢᠢᠳᠪᠦᠷᠢᠯᠡᠬᠦ᠂ ᠠᠵᠢᠯ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ

ᠶᠠᠪᠤᠳᠠᠯ ᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠬᠡᠮᠵᠢᠬᠦ ᠦᠨᠳᠦᠰᠦᠨ ᠪᠠᠷᠢᠮᠵᠢᠶ᠎ᠠ ᠪᠣᠯᠭᠠᠵᠤ᠂

ᠲᠠᠨᠢᠯᠲᠠ ᠪᠠᠨ ᠭᠦᠨᠵᠡᠭᠡᠶᠢᠷᠡᠭᠦᠯᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ ᠠᠰᠠᠭᠤᠳᠠᠯ ᠢ ᠴᠢᠩᠭ᠎ᠠ

ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ ᠡᠭᠦᠳᠡ ᠪᠠᠨ ᠨᠡᠭᠡᠭᠡᠵᠦ ᠳᠠᠩᠰᠠ ᠲᠤᠰᠢᠶᠠᠵᠤ ᠴᠡᠭᠴᠡᠯᠡᠨ

ᠰᠠᠶᠢᠵᠢᠷᠠᠭᠤᠯᠬᠤ ᠶᠢ ᠠᠳᠬᠤᠬᠤ᠂ ᠳᠦᠷᠢᠮ ᠲᠣᠭᠲᠠᠭᠠᠯ ᠲᠣᠭᠲᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ

ᠲᠠᠯ᠎ᠠ ᠪᠠᠷ ᠬᠦᠴᠦ ᠣᠷᠣᠭᠤᠯᠵᠤ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ

ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

     ᠮᠠ ᠰᠢᠤᠸᠠᠢ ᠵᠢᠶᠦ᠋ᠨ ᠪᠠᠰᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂

ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠢᠶᠠᠨ ᠯᠦᠩ ᠤᠨ ᠪᠤᠤ ᠭᠠᠩ

ᠸᠠᠨ ᠲᠧᠩ ᠣᠨᠴᠠᠭᠠᠢ ᠪᠣᠯᠣᠳ ᠲᠡᠮᠦᠷ ᠤᠨ ᠺᠣᠮᠫᠠᠨᠢ ᠳᠤ ᠭᠦᠨᠵᠡᠭᠡᠶᠢᠷᠡᠵᠦ᠂ ᠮᠠᠨ ᠤ ᠬᠤᠲᠠ ᠶᠢᠨ ᠠᠶᠤᠯᠭᠦᠶ

ᠦᠢᠯᠡᠳᠪᠦᠷᠢᠯᠡᠯ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠨ

ᠰᠤᠳᠤᠯᠤᠯᠲᠠ ᠬᠢᠵᠡᠶ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map