| | 2 ᠳ᠋ᠣᠭᠠᠷ ᠰᠠᠷ᠎ᠠ ᠶᠢᠨ 25 ᠤ ᠡᠳᠦᠷ᠂ ᠦᠬᠠᠢ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠤᠲᠤ ᠦᠶ᠎ᠡ ᠶᠢᠨ ᠲᠤᠮᠳᠠᠲᠤ ᠤᠯᠤᠰ ᠤᠨ ᠣᠷᠠᠨ | ᠪᠢᠴᠢᠯᠭᠠ ᠤᠷᠠᠯᠢᠭ ᠤᠨ ᠣᠷᠳᠣᠨ ᠳᠤ ᠡᠬᠢᠯᠡᠪᠡ᠃ ᠪᠦᠬᠦ ᠬᠤᠳᠠ ᠶᠢᠨ ᠡᠯ᠎ᠡ ᠠᠵᠢᠯ ᠲᠦᠷᠦᠯ᠂ ᠡᠯ᠎ᠡ ᠨᠢᠭᠡᠳᠦᠮᠡᠯ | ᠹᠷᠤᠨᠲ ᠠᠴᠠ ᠢᠷᠡᠭᠰᠡᠨ ᠲᠦᠯᠦᠭᠡᠯᠡᠭᠴᠢᠳ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠲᠤ | ᠨᠠᠶᠢᠳᠠᠯᠭ᠎ᠠ ᠶᠢ ᠡᠭᠦᠷᠭᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠭᠰᠠᠨ ᠠᠷᠢᠭᠤᠨ ᠲᠠᠷᠬᠠᠨ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠣᠭᠠᠷ ᠬᠦᠢᠴᠡᠳᠭᠡᠨ᠂ ᠦᠬᠠᠢ ᠶᠢᠨ ᠴᠢᠨᠠᠷ ᠰᠠᠶᠢᠳᠠᠢ ᠬᠦᠭᠵᠢᠯᠳᠡ ᠶᠢᠨ | ᠠᠤᠭ᠎ᠠ ᠲᠦᠰᠦᠪ ᠢ ᠬᠠᠮᠲᠤ ᠪᠠᠷ ᠵᠢᠷᠣᠭᠯᠠᠨ᠎ᠠ᠃ | ᠲᠦᠯᠦᠭᠡᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ᠂ ᠬᠦᠢᠴᠡᠳᠭᠡᠬᠦ ᠲᠡᠷᠢᠬᠦᠯᠡᠭᠴᠢ ᠱᠢ ᠸᠠᠨ | ᠵᠢᠶᠦ᠋ᠨ᠂ ᠭᠤᠤ ᠱᠢ ᠬᠤᠩ᠂ ᠬᠤᠤ ᠵᠢᠶᠠᠨ ᠵᠢᠶᠦ᠋ᠨ᠂ ᠦ᠋ ᠹᠧᠩ ᠮᠸᠢ᠂ ᠹᠧᠩ ᠰᠢᠤᠸᠠᠢ ᠲᠤᠤ᠂ ᠿᠧᠨ ᠸᠧᠨ ᠢ᠂ | ᠯᠢᠤ ᠬᠤᠩ ᠶᠦᠨ᠂ ᠯᠢᠤ ᠵᠢᠢ ᠭᠤᠤ᠂ ᠪᠠᠢ ᠬᠠᠢ ᠿᠦᠩ᠂ ᠦ᠋ ᠰᠢᠶᠤᠤ ᠾᠦᠢ᠂ ᠸᠠᠩ ᠶᠢᠨ᠂ ᠽᠦᠸᠧ ᠶᠢᠩ | ᠲᠡᠷᠢᠬᠦᠯᠡᠭᠴᠢ ᠶᠢᠨ ᠳᠠᠶᠢᠰᠠᠨ ᠤ ᠡᠮᠦᠨ᠎ᠡ ᠮᠦᠷ ᠲᠤ ᠰᠠᠭᠠᠳᠠᠪᠠ᠃ ᠸᠠᠩ ᠸᠧᠨ ᠵᠢᠶᠧ᠂ ᠵᠢᠢ ᠰᠢᠶᠤᠤ ᠴᠢᠩ᠂ | ᠴᠢᠤᠸᠠᠨ ᠵᠢᠤᠸᠠᠢ ᠮᠢᠨ᠂ ᠼᠤᠤ ᠬᠤᠩ ᠵᠡᠷᠭᠡ ᠮᠠᠨ ᠤ ᠬᠤᠲᠠ ᠶᠢᠨ ᠨᠠᠮ ᠵᠠᠰᠠᠭ ᠴᠡᠷᠢᠭ ᠤᠨ ᠤᠲᠤᠷᠢᠳᠤᠯᠭ᠎ᠠ | ᠪᠤᠯᠤᠨ ᠶᠡᠭᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠤᠨ ᠬᠡᠰᠢᠬᠦᠳ ᠲᠡᠷᠢᠬᠦᠯᠡᠭᠴᠢ ᠶᠢᠨ ᠳᠠᠶᠢᠰᠠᠨ ᠳᠤ | ᠰᠠᠭᠠᠳᠠᠪᠠ᠃ | ᠶᠡᠭᠡ ᠬᠤᠷᠠᠯ ᠢ ᠬᠤᠤ ᠵᠢᠶᠠᠨ ᠵᠢᠶᠦ᠋ᠨ ᠡᠷᠭᠢᠯᠡᠪᠡ᠃ | ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠣᠭᠠᠷ ᠬᠤᠷᠠᠯ ᠳᠤ ᠤᠷᠤᠯᠴᠠᠬᠤ ᠶᠤᠰᠣᠳᠠᠢ ᠲᠦᠯᠦᠭᠡᠯᠡᠭᠴᠢ 248 ᠬᠦᠮᠦᠨ᠂ ᠲᠤᠰ ᠤᠳᠠᠭᠠᠨ ᠤ ᠪᠦᠬᠦᠳᠡ | ᠬᠤᠷᠠᠯ ᠳᠤ ᠤᠷᠤᠯᠴᠠᠭᠰᠠᠨ ᠲᠦᠯᠦᠭᠡᠯᠡᠭᠴᠢ 235 ᠬᠦᠮᠦᠨ᠂ ᠬᠠᠤᠯᠢ ᠳᠤ ᠲᠤᠭᠳᠠᠭᠠᠭᠰᠠᠨ ᠬᠦᠮᠦᠨ ᠤ ᠲᠤᠭ᠎ᠠ ᠳᠤ | ᠨᠡᠶᠢᠴᠡᠪᠡ᠃ | ᠦᠳᠡ ᠶᠢᠨ ᠡᠮᠦᠨᠡᠭᠢ 9 ᠴᠠᠭ ᠲᠤ᠂ ᠬᠤᠤ ᠵᠢᠶᠠᠨ ᠵᠢᠶᠦ᠋ᠨ ᠦᠬᠠᠢ ᠬᠤᠳᠠ ᠶᠢᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠡᠬᠢᠯᠡᠭᠰᠡᠨ ᠢ | ᠲᠤᠩᠬᠠᠭᠯᠠᠪᠠ᠃ ᠪᠦᠬᠦᠳᠡᠭᠡᠷ ᠢᠶᠠᠨ ᠪᠤᠰᠴᠣ ᠵᠤᠭᠰᠣᠨ ᠣᠯᠣᠰ ᠤᠨ ᠲᠠᠭᠤᠤ ᠶᠢ ᠬᠠᠩᠭᠢᠨᠠᠳᠠᠯ᠎ᠠ ᠲᠠᠭᠤᠯᠠᠵᠤ᠂ ᠰᠦᠷ | ᠵᠢᠪᠬᠤᠭ᠎ᠠ ᠲᠠᠢ ᠬᠦᠭ ᠠᠶᠠᠰ ᠬᠦᠮᠦᠰ ᠤᠨ ᠰᠡᠳᠭᠢᠯ ᠢ ᠲᠤᠭᠳᠣᠯᠠᠭᠤᠯᠪᠠ᠃ | ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ᠂ ᠬᠤᠳᠠ ᠶᠢᠨ ᠲᠠᠷᠤᠭ᠎ᠠ ᠭᠤᠤ ᠱᠢ ᠬᠤᠩ ᠬᠤᠳᠠ ᠶᠢᠨ | ᠠᠷᠠᠳ ᠤᠨ ᠵᠠᠰᠠᠭ ᠤᠨ ᠤᠷᠳᠣᠨ ᠢ ᠲᠦᠯᠦᠭᠡᠯᠡᠵᠦ ᠶᠡᠭᠡ ᠬᠤᠷᠠᠯ ᠳᠤ ᠵᠠᠰᠠᠭ ᠤᠨ ᠠᠵᠢᠯ ᠤᠨ ᠢᠯᠡᠳᠭᠡᠯ ᠬᠢᠪᠡ᠃ | ᠢᠯᠡᠳᠭᠡᠯ ᠨᠢ ᠨᠡᠶᠢᠳᠡ ᠬᠤᠶᠠᠷ ᠬᠡᠰᠡᠭ ᠢᠶᠠᠷ ᠪᠦᠷᠢᠯᠳᠦᠪᠡ᠄ ᠨᠢᠭᠡ᠂ 2018 ᠤᠨ ᠤ ᠠᠵᠢᠯ ᠤᠨ ᠡᠷᠭᠢᠴᠡᠬᠦᠯᠦᠯ︔ | ᠬᠤᠶᠠᠷ᠂ 2019 ᠣᠨ ᠤ ᠠᠵᠢᠯ ᠤᠨ ᠲᠤᠬᠢᠷᠠᠭᠤᠯᠤᠯᠳᠠ ᠪᠤᠯᠤᠨ᠎ᠠ᠃ | ᠭᠤᠤ ᠱᠢ ᠬᠤᠩ᠂ 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ | ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠩᠬᠠᠨ ᠤ ᠣᠨ ᠪᠤᠯᠤᠨ᠎ᠠ᠂ ᠮᠦᠨ ᠴᠦ ᠦᠭᠡᠷᠡᠴᠢᠯᠡᠯᠳᠡ | ᠨᠡᠭᠡᠭᠡᠯᠳᠡ ᠭᠢᠭᠰᠡᠨ 40 ᠵᠢᠯ ᠤᠨ ᠤᠢ ᠪᠤᠯᠤᠨ᠎ᠠ᠃ ᠨᠢᠭᠡ ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠵᠢᠯᠤᠭᠤᠲᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠲᠤᠤᠷ᠎ᠠ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ | ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ ᠪᠦᠬᠦᠳᠡ ᠬᠤᠷᠠᠯᠳᠣᠭᠠᠨ᠂ ᠭᠤᠷᠪᠠᠳᠣᠭᠠᠷ | ᠪᠦᠬᠦᠳᠡ ᠬᠤᠷᠠᠯᠳᠣᠭᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠶᠡᠭᠡ | ᠰᠢᠪᠳᠣᠯᠣᠯᠳᠠ ᠶᠢᠨ ᠲᠠᠶᠢᠯᠠᠯᠳᠣᠭᠠᠨ ᠢ ᠦᠷᠭᠦᠯᠵᠢᠯᠡᠨ ᠰᠠᠶᠢᠲᠤᠷ ᠬᠢᠵᠦ᠂ ︽ᠲᠠᠪᠤᠨ ᠣᠷᠣᠨ︾ ᠤ ᠪᠦᠲᠦᠭᠡᠨ | ᠪᠠᠶᠢᠭᠤᠯᠤᠯᠳᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ | ᠨᠢᠭᠳᠠᠷᠠᠭᠤᠯᠵᠤ᠂ ᠰᠢᠨ᠎ᠡ ᠶᠢ ᠡᠭᠦᠲᠦᠨ ᠡᠷᠡᠯᠭᠡᠭᠯᠡᠨ ᠣᠷᠣᠭᠰᠢᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ | ᠲᠤᠭᠳᠠᠭᠤᠨ ᠡᠷᠡᠭᠦᠯ ᠢᠶᠠᠷ ᠬᠦᠭᠵᠢᠬᠦ ᠶᠢ ᠪᠠᠲᠤᠯᠠᠪᠠ ᠬᠡᠵᠡᠢ᠃ ᠭᠤᠤ ᠱᠢ ᠬᠤᠩ ᠲᠤᠯᠤᠭᠠᠨ ᠲᠠᠯ᠎ᠠ ᠠᠴᠠ | ᠦᠩᠭᠡᠷᠡᠭᠰᠡᠨ ᠨᠢᠭᠡ ᠵᠢᠯ ᠤᠨ ᠠᠵᠢᠯ ᠢ ᠬᠤᠷᠢᠶᠠᠩᠭᠤᠶᠢᠯᠠᠪᠠ᠄ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ | ᠳᠤ ᠠᠩᠬᠠᠷᠣᠯ ᠢᠶᠠᠨ ᠲᠦᠪᠯᠡᠷᠡᠬᠦᠯᠦᠨ᠂ ᠲᠤᠳᠠᠭᠤᠳᠠᠯ ᠢᠶᠠᠨ ᠬᠦᠭᠵᠢᠬᠦᠯᠵᠦ ᠨᠦᠬᠦᠪᠦᠷᠢᠯᠡᠯ ᠢᠶᠠᠨ ᠲᠦᠷᠭᠡᠳᠭᠡᠪᠡ︔ | ᠲᠦᠷᠦᠯ ᠵᠦᠢᠯ ᠤᠨ ᠪᠡᠯᠡ ᠤᠷᠤᠭᠤᠯᠤᠯᠳᠠ ᠳᠤ ᠠᠩᠬᠠᠷᠣᠯ ᠢᠶᠠᠨ ᠲᠦᠪᠯᠡᠷᠡᠭᠦᠯᠦᠨ᠂ ᠬᠦᠭᠵᠢᠯᠳᠡ ᠶᠢᠨ ᠰᠠᠭᠤᠷᠢ | ᠪᠠᠨ ᠠᠯᠬᠤᠮ ᠠᠯᠬᠤᠮ ᠢᠶᠠᠷ ᠪᠠᠬᠢᠵᠢᠬᠦᠯᠪᠡ︔ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ᠠᠩᠬᠠᠷᠣᠯ | ᠢᠶᠠᠨ ᠲᠦᠪᠯᠡᠷᠡᠬᠦᠯᠦᠨ᠂ ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢ ᠲᠦᠷᠭᠡᠳᠭᠡᠨ ᠬᠤᠪᠢᠷᠠᠭᠤᠯᠪᠠ︔ ᠬᠤᠳᠠ | ᠬᠦᠳᠡᠭᠡ ᠶᠢ ᠠᠭᠤᠰᠣᠯᠴᠠᠭᠤᠯᠬᠤ ᠳᠤ ᠠᠩᠬᠠᠷᠣᠯ ᠢᠶᠠᠨ ᠲᠦᠪᠯᠡᠷᠡᠬᠦᠯᠦᠨ᠂ ᠣᠷᠣᠨ ᠰᠠᠭᠤᠴᠠ ᠶᠢᠨ ᠤᠷᠴᠢᠨ | ᠲᠤᠭᠤᠷᠢᠨ ᠢ ᠢᠯᠡᠷᠭᠡᠢ ᠰᠠᠶᠢᠵᠢᠷᠠᠭᠤᠯᠪᠠ︔ ᠦᠬᠡᠷᠡᠴᠢᠯᠡᠯᠳᠡ ᠨᠡᠭᠡᠭᠡᠯᠳᠡ ᠳᠤ ᠠᠩᠬᠠᠷᠣᠯ ᠢᠶᠠᠨ ᠲᠦᠪᠯᠡᠷᠡᠬᠦᠯᠦᠨ᠂ | ᠬᠦᠭᠵᠢᠯᠳᠡ ᠶᠢᠨ ᠬᠦᠳᠡᠯᠭᠡᠭᠴᠢ ᠬᠦᠴᠦ ᠶᠢ ᠦᠷᠭᠦᠯᠵᠢᠯᠡᠨ ᠴᠢᠩᠭᠠᠳᠬᠠᠪᠠ︔ ᠠᠷᠠᠳ ᠤᠨ ᠠᠮᠢᠲᠤᠷᠠᠯ ᠤᠨ | ᠪᠠᠲᠤᠯᠠᠭ᠎ᠠ ᠳᠤ ᠠᠩᠬᠠᠷᠣᠯ ᠢᠶᠠᠨ ᠲᠦᠪᠯᠡᠷᠡᠬᠦᠯᠦᠨ᠂ ᠠᠷᠠᠳ ᠲᠦᠮᠡᠨ ᠤ ᠪᠤᠶᠠᠨ ᠬᠡᠰᠢᠭ ᠢ ᠲᠠᠰᠣᠷᠠᠯᠳᠠ ᠦᠭᠡᠢ | ᠨᠡᠮᠡᠭᠳᠡᠭᠦᠯᠪᠡ︔ ᠲᠤᠰ ᠪᠡᠶ᠎ᠡ ᠶᠢᠨ ᠪᠠᠨᠶᠢᠭᠤᠯᠤᠯᠳᠠ ᠳᠤ ᠠᠩᠬᠠᠷᠣᠯ ᠢᠶᠠᠨ ᠲᠦᠪᠯᠡᠷᠡᠬᠦᠯᠦᠨ᠂ ᠵᠠᠰᠠᠭ ᠤᠨ ᠣᠷᠳᠣᠨ | ᠤ ᠴᠢᠳᠠᠮᠵᠢ ᠶᠢ ᠲᠤᠭᠳᠠᠭᠤᠨ ᠢᠶᠠᠷ ᠲᠡᠭᠡᠭᠰᠢᠯᠡᠬᠦᠯᠪᠡ᠃ | 2019 ᠤᠨ ᠤ ᠠᠵᠢᠯ ᠤᠨ ᠲᠤᠬᠢᠷᠠᠭᠤᠯᠤᠯᠳᠠ ᠶᠢ ᠶᠠᠷᠢᠬᠤ ᠦᠶᠡᠰ᠂ ᠭᠤᠤ ᠱᠢ ᠬᠤᠩ ᠵᠢᠭᠠᠵᠤ | ᠭᠠᠷᠭᠠᠭᠰᠠᠨ ᠨᠢ᠂ 2019 ᠣᠨ ᠪᠤᠯ ᠰᠢᠨ᠎ᠡ ᠲᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠪᠤᠯᠤᠨ᠎ᠠ᠂ ᠮᠦᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠬᠢᠯᠭ᠎ᠠ ᠶᠢᠨ ᠨᠢᠭᠡ ᠵᠢᠯ ᠪᠤᠯᠤᠨ᠎ᠠ᠃ | ᠵᠠᠰᠠᠭ ᠤᠨ ᠣᠷᠳᠣᠨ ᠤ ᠦᠨᠦ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ | ᠪᠦᠬᠦᠳᠡ ᠬᠤᠷᠠᠯᠳᠣᠭᠠᠨ᠂ ᠭᠤᠷᠪᠠᠳᠣᠭᠠᠷ ᠪᠦᠬᠦᠳᠡ ᠬᠤᠷᠠᠯᠳᠣᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ | ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ | ᠲᠦᠯᠦᠪᠵᠢᠬᠦᠯᠦᠨ ᠠᠭᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠤᠲᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠭᠢᠭᠤᠯᠵᠤ᠂ ᠲᠤᠭᠳᠠᠭᠤᠨ ᠤ ᠲᠤᠮᠳᠠ ᠣᠷᠣᠭᠰᠢᠯᠠᠨ ᠲᠠᠪᠰᠢᠬᠤ ᠠᠵᠢᠯ | ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠠᠷᠢᠮᠳᠠᠯᠠᠵᠤ᠂ ᠴᠢᠨᠠᠷ | ᠰᠠᠶᠢᠲᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ | ᠦᠭᠡᠷᠡᠴᠢᠯᠡᠯᠳᠡ ᠪᠠᠷ ᠭᠤᠤᠯ ᠰᠢᠵᠢᠮ ᠢᠶᠠᠨ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠭᠦᠷᠴᠢᠯᠡᠬᠦ ᠦᠭᠡᠷᠡᠴᠢᠯᠡᠯᠳᠡ | ᠶᠢ ᠬᠦᠨᠵᠡᠭᠡᠶᠢᠷᠡᠭᠦᠯᠬᠦ᠂ ᠦᠨᠳᠦᠷ ᠲᠦᠪᠰᠢᠨ ᠲᠠᠢ ᠨᠡᠭᠡᠭᠡᠯᠳᠡ ᠶᠢ ᠦᠡᠷᠭᠡᠳᠭᠡᠬᠦ ᠶᠢ ᠪᠠᠷᠢᠮᠳᠠᠯᠠᠵᠤ᠂ | ᠤᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ | ᠰᠢᠪᠲᠤᠯᠬᠤ ᠲᠠᠶᠢᠯᠠᠯᠳᠣᠭᠠᠨ ᠢ ᠦᠷᠭᠦᠯᠵᠢᠯᠡᠨ ᠰᠠᠶᠢᠲᠤᠷ ᠬᠢᠵᠦ᠂ ᠬᠤᠮᠠᠭᠢ ᠭᠤᠤᠯ ᠴᠤᠭᠴᠠ ᠶᠢᠨ ᠠᠮᠢᠵᠢᠷᠠᠯ ᠤᠨ | ᠬᠦᠴᠦᠨ ᠢ ᠬᠦᠴᠦᠯᠡᠨ ᠬᠦᠭᠵᠢᠭᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠬᠦᠲᠤᠨ | ᠲᠡᠭᠦᠯᠳᠡᠷᠵᠢᠬᠦᠯᠵᠦ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ | ᠲᠤᠬᠢᠷᠠᠭᠤᠯᠬᠤ᠂ ᠠᠷᠠᠳ ᠤᠨ ᠠᠮᠢᠲᠤᠷᠠᠯ ᠳᠤ ᠠᠰᠢᠭ ᠬᠦᠷᠳᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠠᠵᠤ ᠠᠬᠤᠢ ᠶᠢᠨ ᠡᠷᠭᠢᠯᠳᠡ ᠶᠢ ᠵᠦᠢ ᠵᠤᠬᠢᠰᠳᠠᠢ ᠣᠷᠣᠨ ᠵᠠᠢ ᠳᠤ | ᠪᠠᠶᠢᠯᠭᠠᠨ᠂ ᠠᠵᠢᠯ ᠤᠯᠭᠤᠯᠳᠠ᠂ ᠮᠦᠩᠬᠦᠨ ᠬᠦᠢᠯᠭᠡᠭᠡᠨ᠂ ᠭᠠᠳᠠᠭᠠᠲᠤ ᠠᠷᠠᠯᠵᠢᠶ᠎ᠠ᠂ ᠭᠠᠳᠠᠭᠠᠲᠤ ᠪᠡᠯᠡ᠂ ᠪᠡᠯᠡ | ᠤᠷᠤᠭᠤᠯᠤᠯᠳᠠ᠂ ᠵᠢᠱᠢᠯᠳᠡ ᠲᠦᠰᠦᠭᠡᠯᠡᠯ ᠢ ᠴᠢᠨᠠᠭᠰᠢᠳᠠ ᠲᠤᠭᠳᠠᠪᠤᠷᠢᠵᠢᠭᠤᠯᠵᠤ᠂ ᠵᠠᠬ᠎ᠠ ᠲᠡᠯᠬᠡᠭᠦᠷ ᠤᠨ ᠢᠳᠡᠭᠡᠯ | ᠵᠤᠷᠢᠭ ᠢ ᠬᠦᠪᠴᠢᠯᠡᠨ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠮᠡᠭᠳᠡᠭᠦᠯᠵᠦ᠂ ᠠᠵᠤ ᠠᠬᠤᠢ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠪᠦᠬᠦ ᠲᠠᠯ᠎ᠠ | ᠶᠢᠨ ᠠᠮᠤᠷ ᠲᠤᠭᠳᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠳᠤ ᠰᠢᠢᠳᠪᠦᠷᠢᠯᠡᠬᠦ | ᠴᠢᠨᠠᠷᠳᠠᠢ ᠰᠠᠭᠤᠷᠢ ᠶᠢ ᠲᠠᠯᠪᠢᠨ ᠦᠭᠴᠦ᠂ ᠰᠢᠯᠢᠳᠡᠭ ᠠᠮᠵᠢᠯᠳᠠ ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠲᠤ | ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ ᠬᠡᠵᠡᠢ᠃᠃ | 2019 ᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.5 % ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 8 % ᠣᠷᠴᠢᠮ ᠨᠡᠮᠡᠭᠳᠡᠭᠦᠯᠵᠦ᠂ ᠲᠤᠭᠳᠠᠮᠠᠯ | ᠬᠦᠷᠦᠩᠭᠡ ᠶᠢᠨ ᠪᠡᠯᠡ ᠣᠷᠣᠭᠤᠯᠣᠯᠳᠠ ᠶᠢ 10 % ᠤᠷᠴᠢᠮ ᠨᠡᠮᠡᠭᠳᠡᠬᠦᠯᠵᠦ᠂ ᠡᠩ ᠤᠨ ᠣᠯᠠᠨ ᠨᠡᠶᠢᠳᠡ ᠶᠢᠨ | ᠲᠦᠰᠦᠪ ᠤᠨ ᠣᠷᠣᠯᠭ᠎ᠠ ᠶᠢ 6 % ᠤᠷᠴᠢᠮ ᠨᠡᠮᠡᠭᠳᠡᠬᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠲᠤᠮᠳᠠᠴᠢ ᠤᠷᠤᠯᠭ᠎ᠠ ᠶᠢ ᠲᠤᠰ ᠲᠤᠰ 6 % | ᠪᠠ 7 % ᠨᠡᠮᠡᠭᠳᠡᠬᠦᠯᠵᠦ᠂ ᠬᠤᠳᠠ ᠪᠠᠯᠭᠠᠰᠣᠨ ᠤ ᠠᠵᠢᠯ ᠤᠯᠭᠤᠯᠳᠠ ᠶᠢ 6500 ᠬᠦᠮᠦᠨ ᠠᠴᠠ ᠲᠡᠭᠡᠭᠰᠢ | ᠨᠡᠮᠡᠭᠳᠡᠬᠦᠯᠵᠦ᠂ ᠪᠤᠰᠣᠳ ᠬᠢᠵᠠᠭᠠᠷᠯᠠᠬᠤ ᠴᠢᠨᠠᠷᠲᠠᠢ ᠬᠦᠢᠴᠡᠳᠭᠡᠯ ᠲᠤᠭ᠎ᠠ ᠶᠢ ᠦᠪᠡᠷᠳᠡᠭᠡᠨ ᠵᠠᠰᠠᠬᠤ ᠤᠷᠤᠨ ᠠᠴᠠ | ᠪᠠᠭᠤᠯᠭᠠᠭᠰᠠᠨ ᠬᠠᠷᠠᠯᠳᠠ ᠶᠢᠨ ᠲᠤᠲᠤᠷ᠎ᠠ ᠡᠵᠡᠮᠳᠡᠨ᠎ᠡ ᠭᠡᠵᠡᠢ᠃ | ᠭᠤᠤ ᠱᠢ ᠬᠤᠩ 2019 ᠤᠨ ᠤ ᠵᠠᠰᠠᠭ ᠤᠨ ᠤᠷᠳᠣᠨ ᠤ ᠭᠤᠤᠳᠠᠯᠭ᠎ᠠ ᠲᠠᠢ ᠠᠵᠢᠯ ᠢ ᠲᠤᠯᠤᠭᠠᠨ ᠲᠠᠯ᠎ᠠ | ᠠᠴᠠ ᠬᠢᠨ᠎ᠡ ᠬᠡᠵᠦ ᠮᠡᠳᠡᠭᠦᠯᠪᠡ᠄ ᠨᠢᠭᠡ ᠳᠤ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ ᠢ ᠯᠠᠪᠳᠠᠭᠤᠨ | ᠪᠠᠲᠤᠳᠠᠢ ᠬᠢᠵᠦ᠂ ᠬᠦᠭᠵᠢᠯᠳᠡ ᠶᠢᠨ ᠬᠤᠷᠢᠭ᠎ᠠ ᠱᠣᠭᠤᠮ ᠢ ᠡᠷᠡᠰ ᠬᠠᠮᠠᠭᠠᠯᠠᠨ᠎ᠠ︔ ᠬᠤᠶᠠᠷ ᠲᠤ ᠲᠦᠷᠦᠯ ᠵᠦᠢᠯ | ᠤᠨ ᠪᠦᠲᠦᠭᠡᠨ ᠪᠠᠶᠢᠭᠤᠯᠤᠯᠳᠠ ᠪᠠᠷ ᠴᠢᠬᠤᠯᠠ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠤ᠂ ᠠᠵᠤ ᠠᠬᠤᠢ ᠶᠢᠨ | ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ︔ ᠭᠤᠷᠪᠠ ᠳᠤ ᠠᠵᠤ ᠦᠢᠯᠡᠰ ᠤᠨ ᠬᠦᠭᠵᠢᠯᠳᠡ ᠶᠢ ᠴᠢᠨᠠᠷ | ᠪᠦᠲᠦᠮᠵᠢ ᠶᠢ ᠲᠡᠭᠡᠭᠰᠢᠯᠡᠬᠦᠯᠬᠦ ᠶᠢ ᠪᠠᠷᠢᠮᠳᠠᠯᠠᠵᠤ᠂ ᠤᠲᠤ ᠦᠶ᠎ᠡ ᠶᠢᠨ ᠠᠵᠤ ᠠᠬᠤᠢ ᠶᠢᠨ ᠲᠤᠭᠳᠠᠯᠴᠠᠭ᠎ᠠ ᠶᠢ ᠪᠦᠬᠦ | ᠬᠦᠴᠦᠨ ᠢᠶᠠᠷ ᠴᠤᠭᠴᠠᠯᠠᠨ ᠪᠠᠶᠢᠭᠤᠯᠤᠨ᠎ᠠ︔ ᠲᠦᠷᠪᠡ ᠳᠤ ᠬᠤᠳᠠ ᠬᠦᠳᠡᠭᠡ ᠶᠢᠨ ᠬᠦᠭᠵᠢᠯᠳᠡ ᠳᠤ ᠬᠠᠷᠢᠯᠴᠠᠨ | ᠠᠭᠤᠰᠣᠯᠴᠠᠬᠤ ᠬᠠᠷᠢᠯᠴᠠᠨ ᠠᠬᠢᠭᠤᠯᠬᠤ ᠶᠢ ᠪᠠᠷᠢᠮᠳᠠᠯᠠᠵᠤ᠂ ᠠᠮᠢ ᠠᠬᠤᠢ ᠶᠢᠨ ᠰᠠᠭᠤᠬᠤ ᠳᠤ ᠲᠤᠬᠢᠷᠠᠮᠵᠢᠳᠠᠢ | ᠬᠤᠳᠠ ᠶᠢ ᠪᠦᠲᠦᠭᠡᠨ ᠪᠠᠶᠢᠭᠤᠯᠤᠨ᠎ᠠ︔ ᠲᠠᠪᠤ ᠳᠤ ᠦᠭᠡᠷᠡᠴᠢᠯᠡᠯᠳᠡ ᠨᠡᠭᠡᠭᠡᠯᠳᠡ ᠶᠢ ᠨᠠᠷᠢᠯᠢᠭᠵᠢᠭᠤᠯᠤᠨ | ᠪᠤᠳᠠᠳᠠᠶᠢᠵᠢᠭᠤᠯᠬᠤ ᠶᠢ ᠪᠠᠷᠢᠮᠳᠠᠯᠠᠵᠤ᠂ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ | ᠬᠦᠭᠵᠢᠬᠡᠨ᠎ᠡ︔ ᠵᠢᠷᠭᠤᠭ᠎ᠠ ᠳᠤ ᠬᠦᠭᠵᠢᠯᠳᠡ ᠶᠢᠨ ᠦᠷ᠎ᠡ ᠪᠦᠲᠦᠮᠵᠢ ᠶᠢ ᠬᠠᠮᠲᠤ ᠪᠠᠷ ᠪᠠᠶᠢᠭᠤᠯᠬᠤ ᠬᠠᠮᠲᠤ ᠪᠠᠷ | ᠡᠳ᠋ᠯᠡᠬᠦ ᠶᠢ ᠪᠠᠷᠢᠮᠳᠠᠯᠠᠵᠤ᠂ ᠣᠯᠠᠨ ᠲᠦᠮᠡᠨ ᠤ ᠵᠤᠯ ᠵᠢᠷᠭᠠᠯᠲᠤ ᠠᠮᠢᠲᠤᠷᠠᠯ ᠤᠨ ᠬᠡᠷᠡᠭᠴᠡᠭᠡ ᠶᠢ ᠬᠠᠩᠭᠠᠨ᠎ᠠ︔ | ᠲᠤᠯᠤᠭ᠎ᠠ ᠳᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠪᠠᠨ ᠴᠢᠩᠭᠠᠳᠬᠠᠨ ᠪᠠᠳᠣᠳᠬᠠᠬᠤ ᠶᠢ ᠪᠠᠷᠢᠮᠳᠠᠯᠠᠨ᠂ | ᠠᠷᠠᠳ ᠤᠨ ᠲᠦᠯᠦᠭᠡ ᠪᠤᠳᠠᠳᠠᠢ ᠶᠢ ᠡᠷᠭᠢᠮᠯᠡᠬᠦ ᠠᠷᠢᠭᠤᠨ ᠴᠢᠭᠡᠴᠢ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ | ᠭᠤᠤ ᠱᠢ ᠬᠤᠩ ᠴᠢᠬᠤᠯᠠᠴᠢᠯᠠᠭᠰᠠᠨ ᠨᠢ᠂ ᠤᠳᠣᠬᠠᠨ ᠳᠤ ᠦᠬᠠᠢ ᠶᠠᠭ ᠰᠠᠶ᠋ᠢᠬᠠᠨ ᠰᠢᠨ᠎ᠡ ᠶᠢ ᠡᠬᠦᠳᠦᠨ | ᠬᠦᠭᠵᠢᠬᠦ᠂ ᠬᠡᠯᠪᠡᠷᠢ ᠬᠤᠪᠢᠷᠠᠭᠤᠯᠤᠨ ᠬᠦᠭᠵᠢᠬᠦ ᠵᠠᠩᠭᠢᠯᠭ᠎ᠠ ᠶᠢᠨ ᠬᠤᠭᠤᠴᠠᠭᠠᠨ ᠳᠤ ᠤᠷᠤᠰᠢᠵᠦ᠂ 2019 ᠤᠨ | ᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠲᠤ᠂ ᠬᠠᠷᠢᠭᠤᠴᠠᠯᠭ᠎ᠠ ᠶᠡᠭᠡ ᠶᠤᠮ᠃ ᠪᠢᠳᠡ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ | ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠣᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠣᠭᠤᠯᠵᠤ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠯᠤᠨ ᠬᠤᠳᠠ ᠶᠢᠨ ᠨᠠᠮ ᠤᠨ ᠬᠤᠷᠢᠶᠠᠨ ᠤ ᠴᠢᠩᠭ᠎ᠠ ᠬᠦᠴᠦᠳᠡᠢ | ᠵᠢᠯᠤᠭᠤᠳᠣᠯᠭ᠎ᠠ ᠲᠤᠤᠷ᠎ᠠ ᠰᠢᠷᠭᠠᠭᠤ ᠬᠠᠳᠠᠭᠤᠵᠢᠯᠳᠠᠢ ᠠᠵᠢᠯᠯᠠᠨ᠂ ᠵᠤᠷᠢᠭᠳᠠᠢ ᠪᠠᠷ ᠤᠷᠤᠭᠰᠢᠯᠠᠨ ᠲᠠᠪᠰᠢᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠰᠢᠨ᠎ᠡ ᠴᠠᠭ ᠦᠶ᠎ᠡ ᠶᠢᠨ ᠦᠬᠠᠢ ᠶᠢᠨ ᠴᠢᠨᠠᠷ ᠰᠠᠶᠢᠳᠠᠢ | ᠬᠦᠭᠵᠢᠬᠦ ᠰᠢᠨ᠎ᠡ ᠬᠠᠭᠤᠳᠠᠰᠣ ᠶᠢ ᠪᠢᠴᠢᠭᠯᠡᠬᠦ ᠪᠠᠷ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠳᠠ ᠪᠠᠷ ᠢᠶᠠᠨ ᠰᠢᠨ᠎ᠡ | ᠲᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ ᠬᠡᠪᠡ᠃ | ᠬᠤᠷᠠᠯ ᠤᠨ ᠵᠦᠪᠯᠡᠬᠦ ᠵᠦᠢᠯᠡᠰ ᠢ ᠦᠨᠳᠦᠰᠦᠯᠡᠵᠦ᠂ ᠶᠡᠭᠡ ᠬᠤᠷᠠᠯ ᠠᠴᠠ ︽ᠦᠬᠠᠢ ᠬᠤᠳᠠ ᠶᠢᠨ 2018 | ᠤᠨ ᠤ ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ | ᠪᠠᠶᠢᠳᠠᠯ ᠬᠢᠬᠡᠳ 2019 ᠤᠨ ᠤ ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ | ᠲᠦᠯᠦᠪᠯᠡᠭᠡ ︵ᠲᠦᠰᠦᠯ︶ ᠶᠢᠨ ᠮᠡᠳᠡᠭᠦᠯᠦᠯᠳᠡ︾᠂ ︽ᠦᠬᠠᠢ ᠬᠤᠳᠠ ᠶᠢᠨ 2018 ᠣᠨ ᠤ ᠡᠳ᠋ ᠤᠨ ᠵᠠᠰᠠᠭ | ᠤᠨ ᠲᠦᠰᠦᠪ ᠢ ᠬᠦᠢᠴᠡᠳᠭᠡᠭᠰᠡᠨ ᠪᠠᠶᠢᠳᠠᠯ ᠬᠢᠭᠡᠳ 2019 ᠣᠨ ᠤ ᠡᠳ᠋ ᠤᠨ ᠵᠠᠰᠠᠭ ᠤᠨ ᠲᠦᠰᠦᠪ ︵ᠲᠦᠰᠦᠯ︶ | ᠤᠨ ᠮᠡᠳᠡᠭᠦᠯᠦᠯᠳᠡ︾ ᠶᠢ ᠬᠢᠨᠠᠨ ᠪᠠᠶᠢᠴᠠᠭᠠᠵᠠᠢ᠃ | ᠪᠤᠤ ᠶᠧ᠂ ᠯᠢᠶᠠᠩ ᠱᠣ᠋ ᠫᠢᠩ᠂ ᠮᠢᠩ ᠶᠢᠦ᠂ ᠡᠣ ᠶᠧ ᠸᠧᠨ᠂ ᠸᠠᠩ ᠬᠤᠸᠠ ᠹᠧᠩ᠂ ᠺᠠᠩ ᠸᠧᠨ ᠱᠧᠩ᠂ | ᠵᠠᠩ ᠵᠢᠶᠠᠨ ᠬᠦᠸᠧ᠂ ᠰᠦᠩ ᠰᠢᠶᠤᠤ ᠴᠦᠨ᠂ ᠹᠦ᠋ ᠲᠢᠩ ᠯᠢᠨ᠂ ᠸᠠᠩ ᠶᠢᠦ ᠵᠢᠶᠦ᠋ᠨ᠂ ᠳ᠋ᠢᠩ ᠢ᠂ ᠸᠠᠩ ᠰᠢᠶᠠᠨ | ᠭᠠᠩ᠂ ᠽᠦᠢ ᠵᠢᠩ ᠸᠧᠨ᠂ ᠵᠤᠤ ᠰᠢ ᠮᠢᠨ᠂ ᠲᠢᠶᠠᠨ ᠴᠧᠩ ᠵᠢᠶᠦ᠋ᠨ᠂ ᠰᠢᠦᠸᠡᠢ ᠸᠧᠨ᠂ ᠮᠸᠤ ᠵᠠᠨ ᠵᠢᠶᠦ᠋ᠨ᠂ | ᠵᠠᠩ ᠰᠠᠨ ᠬᠤᠩ᠂ ᠶᠠᠩ ᠵᠢᠢ ᠫᠢᠩ᠂ ᠵᠠᠩ ᠱᠧᠩ ᠯᠢ ᠵᠡᠷᠭᠡ ᠪᠠᠰᠠ ᠶᠡᠭᠡ ᠬᠤᠷᠠᠯ ᠤᠨ ᠲᠠᠷᠢᠬᠦᠯᠡᠭᠴᠢᠳ ᠤᠨ | ᠲᠠᠶᠢᠰᠠᠨ ᠳᠤ ᠰᠠᠭᠠᠳᠠᠵᠠᠢ᠃ | ᠬᠠᠤᠯᠢ ᠳᠤ ᠲᠤᠭᠳᠠᠭᠠᠭᠰᠠᠨ ᠰᠣᠯᠠ ᠣᠷᠣᠯᠴᠠᠭᠰᠠᠳ ᠪᠠ ᠬᠤᠳᠠ ᠶᠢᠨ ᠶᠢᠰᠦᠳᠦᠭᠡᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠣᠭᠠᠷ ᠬᠤᠷᠠᠯ ᠠᠴᠠ | ᠲᠤᠭᠳᠠᠭᠠᠭᠰᠠᠨ ᠰᠣᠯᠠ ᠤᠷᠤᠯᠴᠠᠭᠰᠠᠳ ᠠᠴᠠ ᠭᠠᠳᠠᠨ᠎ᠠ᠂ ᠤᠯᠤᠰ ᠲᠦᠷᠦ ᠶᠢᠨ ᠵᠦᠪᠯᠡᠯᠭᠡᠨ ᠤ ᠶᠢᠰᠦᠳᠦᠭᠡᠷ | ᠬᠤᠭᠤᠴᠠᠭᠠᠨ ᠤ ᠬᠤᠶᠠᠳᠣᠭᠠᠷ ᠬᠤᠷᠠᠯ ᠳᠤ ᠤᠷᠤᠯᠴᠠᠵᠤ ᠪᠠᠶᠢᠭ᠎ᠠ ᠪᠦᠬᠦ ᠬᠡᠰᠢᠬᠦᠳ ᠪᠠ ᠪᠦᠯᠦᠭ ᠣᠨᠴᠠ | ᠤᠷᠢᠭᠰᠠᠨ ᠤᠳᠣᠷᠢᠳᠣᠯᠭ᠎ᠠ ᠡᠨᠡ ᠤᠳᠠᠭᠠᠨ ᠤ ᠪᠦᠬᠦᠳᠡ ᠬᠤᠷᠠᠯ ᠳᠤ ᠰᠣᠯᠠ ᠤᠷᠤᠯᠴᠠᠪᠠ᠃ | |