ᠪᠦᠬᠦ ᠤᠷᠤᠨ ᠤ ᠦᠶᠡᠷ ᠢ ᠰᠡᠷᠭᠡᠶᠢᠯᠡᠵᠦ ᠭᠠᠩ ᠢ ᠡᠰᠡᠷᠬᠦᠴᠡᠬᠦ ᠵᠢᠴᠢ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠲᠧᠯᠸᠢᠰ ᠣᠳᠠᠰᠣᠳᠣ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-02-27
     2 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠪᠦᠬᠦ ᠤᠷᠤᠨ ᠤ ᠦᠶᠡᠷ ᠢ ᠰᠡᠷᠭᠡᠶᠢᠯᠡᠵᠦ ᠭᠠᠩ ᠢ ᠡᠰᠡᠷᠬᠦᠴᠡᠬᠦ ᠵᠢᠴᠢ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠲᠧᠯᠸᠢᠰ ᠣᠳᠠᠰᠣᠳᠣ ᠬᠤᠷᠠᠯ ᠬᠤᠷᠠᠯᠳᠤᠵᠦ᠂ 2018 ᠤᠨ ᠤ ᠪᠦᠬᠦ ᠤᠷᠤᠨ ᠤ ᠦᠶᠡᠷ ᠢ ᠰᠡᠷᠭᠡᠶᠢᠯᠡᠵᠦ ᠭᠠᠩ ᠢ ᠡᠰᠡᠷᠬᠦᠴᠡᠬᠦ ᠵᠢᠴᠢ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠬᠦ ᠠᠵᠢᠯ ᠢ ᠳ᠋ᠦᠩᠨᠡᠵᠦ᠂ ᠳᠠᠷᠠᠭᠠᠴᠢ ᠶᠢᠨ ᠱᠠᠲᠤᠨ ᠤ ᠠᠵᠢᠯ ᠢ ᠪᠠᠶᠢᠷᠢᠰᠢᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠬᠤ ᠬᠢᠨᠠᠨ ᠬᠡᠮᠵᠢᠬᠦ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠦ᠂ ᠰᠤᠷᠲᠠᠯᠴᠢᠯᠠᠨ ᠤᠬᠠᠭᠤᠯᠬᠤ ᠪᠠ ᠬᠦᠲᠦᠯᠦᠨ ᠳᠠᠭᠠᠭᠤᠯᠬᠤ ᠶᠢ ᠰᠠᠶᠢᠲᠤᠷ ᠬᠢᠵᠦ᠂ ᠭᠤᠤᠯ ᠬᠡᠰᠬᠦ ᠬᠤᠭᠤᠴᠠᠭᠠᠨ ᠤ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠦᠩ ᠬᠠᠯᠢᠶ᠎ᠠ ᠶᠢᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠡᠷᠡᠭᠳᠡᠢ᠃ ᠭᠠᠩ ᠢ ᠡᠰᠡᠷᠬᠦᠴᠡᠬᠦ ᠪᠡᠯᠡᠳᠬᠡᠯ ᠠᠵᠢᠯ ᠢᠶᠠᠨ ᠦᠨᠡᠨᠬᠦ ᠰᠠᠶᠢᠲᠤᠷ ᠬᠢᠵᠦ᠂ ᠬᠠᠪᠤᠷ ᠤᠨ ᠲᠠᠷᠢᠶᠠᠯᠠᠩ ᠤᠨ ᠠᠵᠢᠯ ᠪᠤᠯᠤᠨ ᠮᠠᠯ ᠠᠵᠦ ᠠᠬᠤᠢ ᠶᠢᠨ ᠤᠶᠢᠯᠡᠳᠪᠦᠷᠢᠯᠡᠯ ᠤᠨ ᠠᠵᠢᠯ ᠢᠶᠠᠨ ᠤᠷᠢᠳᠴᠢᠯᠠᠨ ᠲᠤᠬᠢᠷᠠᠭᠤᠯᠵᠤ᠂ ᠬᠦᠮᠦᠨ ᠮᠠᠯ ᠤᠨ ᠤᠰᠤ ᠤᠮᠳᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠳᠡᠢ᠃ ᠵᠤᠨ ᠤ ᠤᠯᠠᠷᠢᠯ ᠤᠨ ᠦᠶᠡᠷ ᠠᠴᠠ ᠰᠡᠷᠬᠡᠶᠢᠯᠡᠬᠦ ᠠᠵᠢᠯ ᠢᠶᠠᠨ ᠡᠷᠲᠡ ᠲᠤᠬᠢᠷᠠᠭᠤᠯᠵᠤ᠂ ᠦᠶᠡᠷ ᠤᠨ ᠬᠡᠮ ᠰᠤᠭᠤᠭ ᠢ ᠪᠦᠬᠦ ᠬᠦᠴᠦᠨ ᠢᠶᠠᠷ ᠢᠶᠠᠨ ᠪᠠᠶᠢᠴᠠᠭᠠᠨ ᠠᠷᠢᠯᠭᠠᠵᠦ᠂ ᠦᠶᠡᠷ ᠠᠴᠠ ᠰᠡᠷᠬᠡᠶᠢᠡᠯᠬᠦ ᠪᠠ ᠭᠠᠮᠰᠢᠭ ᠠᠴᠠ ᠠᠪᠤᠷᠠᠬᠤ ᠪᠡᠯᠡᠳᠬᠡᠯ ᠠᠵᠢᠯ ᠢᠶᠠᠨ ᠨᠠᠷᠢᠨ ᠬᠢᠨᠠᠮᠠᠭᠠᠢ ᠬᠢᠵᠦ᠂ ᠭᠤᠤᠯᠳᠠᠯᠭᠠᠲᠦ ᠤᠷᠤᠨ ᠤ ᠠᠮᠤᠷ ᠲᠦᠪᠰᠢᠨ ᠢᠶᠠᠷ ᠦᠶᠡᠷ ᠤᠨ ᠬᠤᠭᠤᠴᠠᠭ᠎ᠠ ᠶᠢ ᠦᠩᠭᠡᠷᠡᠬᠦᠯᠬᠦ  ᠶᠢ ᠪᠠᠲᠤᠯᠠᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map