ᠬᠤᠲᠠ ᠶᠢᠨ ᠶᠢᠰᠣᠳᠣᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠬᠤᠶᠠᠳᠣᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/2/27
     2 ᠳ᠋ᠣᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠬᠤᠲᠠ ᠶᠢᠨ ᠶᠢᠰᠣᠳᠣᠭᠡᠷ ᠬᠤᠭᠤᠴᠠᠭᠠᠨ ᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠬᠤᠶᠠᠳᠣᠭᠠᠷ ᠣᠳᠠᠭᠠᠨ ᠤ ᠬᠤᠷᠠᠯ ᠬᠤᠷᠠᠯᠳᠣ᠋ᠪᠠ᠃      ᠲᠦᠯᠦᠭᠡᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠱᠢ ᠸᠠᠨ ᠵᠢᠶᠦ᠋ᠨ᠂  ᠹᠧᠩ ᠰᠢᠦᠸᠡᠢ ᠲᠤᠤ᠂ ᠿᠧᠨ ᠸᠧᠨ ᠢ᠂ ᠯᠢᠦ ᠬᠤᠩ ᠶᠦᠨ᠂ ᠯᠢᠦ ᠵᠢᠢ ᠭᠤᠣ᠂ ᠪᠠᠢ ᠬᠠᠢ ᠿᠦᠩ᠂ ᠡᠤ ᠰᠢᠶᠤᠤ ᠬᠤᠢ᠂ ᠸᠠᠩ  ᠶᠢᠨ᠂ ᠽᠣᠸᠧ ᠶᠢᠩ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠲᠦᠯᠦᠭᠡᠯᠡᠭᠴᠢᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠡᠳ᠋ ᠤᠨ ᠵᠠᠰᠠᠭ ᠤᠨ ᠲᠦᠰᠦᠪ ᠤᠨ ᠮᠡᠳᠡᠭᠦᠯᠦᠯᠲᠡ ᠪᠠ ᠡᠳ᠋ ᠶᠢᠨ ᠵᠠᠰᠠᠭ ᠤᠨ ᠲᠦᠰᠦᠪ ᠤᠨ ᠮᠡᠳᠡᠭᠦᠯᠦᠯᠲᠡ ᠶᠢ ᠵᠦᠪᠯᠡᠭᠰᠡᠨ ᠲᠤᠬᠠᠢ ᠪᠠᠶᠢᠳᠠᠯ ᠢ ᠬᠦᠯᠢᠶᠡᠨ ᠰᠣᠨᠣᠰᠴᠦ᠂ ᠬᠢᠨᠠᠨ ᠪᠠᠶᠢᠴᠠᠭᠠᠯᠲᠠ  ᠶᠢᠨ ᠰᠠᠨᠠᠯ ᠤᠨ ᠬᠠᠮᠢᠶ᠎ᠠ ᠪᠦᠬᠦᠢ ᠮᠡᠳᠡᠭᠦᠯᠦᠯᠲᠡ ᠶᠢ ᠵᠠᠰᠠᠭ ᠤᠨ ᠣᠷᠳᠣᠨ ᠤ ᠪᠠᠶᠢᠭᠤᠯᠤᠮᠵᠢ ᠳᠤ ᠳᠠᠮᠵᠢᠭᠤᠯᠤᠨ ᠦᠭᠴᠦ ᠵᠠᠰᠠᠨ ᠦᠭᠡᠷᠡᠴᠢᠯᠡᠬᠦ ᠪᠠ ᠲᠡᠭᠦᠯᠳᠡᠷᠵᠢᠭᠦᠯᠬᠦ ᠪᠠᠷ ᠲᠤᠭᠲᠠᠵᠠᠢ᠃ ᠬᠤᠲᠠ ᠶᠢᠨ ᠨᠠᠮ ᠤᠨ ᠬᠤᠷᠢᠶᠠᠨ ᠤ ᠲᠠᠨᠢᠯᠴᠠᠭᠤᠯᠣᠭᠰᠠᠨ ᠬᠦᠮᠦᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠦ᠂ ᠲᠡᠷᠢᠭᠦᠯᠡᠭᠴᠢ ᠶᠢᠨ ᠪᠦᠯᠬᠦᠮ ᠤᠨ ᠳᠣᠷᠠᠳᠣᠭᠰᠠᠨ ᠡᠯ᠎ᠡ ᠪᠡᠯᠡᠳᠬᠡᠯ ᠨᠡᠷᠡᠰ ᠤᠨ ᠵᠢᠭᠰᠠᠭᠠᠯ ᠢ ᠵᠦᠪᠰᠢᠶᠡᠷᠡᠨ ᠦᠩᠭᠡᠷᠡᠭᠡᠵᠦ᠂ ᠪᠦᠬᠦ ᠲᠦᠯᠦᠭᠡᠯᠡᠭᠴᠢᠳ  ᠤᠨ ᠵᠦᠪᠳᠡᠯᠴᠡᠬᠦ ᠶᠢ ᠬᠦᠰᠡᠵᠡᠢ᠃
 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map