ᠪᠦᠬᠦ ᠬᠤᠲᠠ ᠶᠢᠨ ᠬᠤᠶᠠᠷ ᠬᠤᠷᠠᠯ ᠳᠤ ᠣᠷᠣᠯᠴᠠᠭᠰᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠳᠣᠭᠤᠶᠢᠯᠠᠩ ᠬᠤᠪᠢᠶᠠᠨ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠢ ᠶᠠᠷᠢᠯᠴᠠᠨ ᠵᠦᠪᠳᠡᠯᠴᠡᠪᠡ
ᠨᠡᠶᠢᠲᠡᠯᠡᠭᠰᠡᠨ ᠴᠠᠭ᠄
2019-02-27
     2 ᠳ᠋ᠣᠭᠠᠷ ᠰᠠᠷ᠎ᠠ ᠶᠢᠨ 25 ᠤ  ᠡᠳᠦᠷ᠂ ᠪᠦᠬᠦ ᠬᠤᠲᠠ ᠶᠢᠨ ᠬᠤᠶᠠᠷ ᠬᠤᠷᠠᠯ ᠳᠤ ᠣᠷᠣᠯᠴᠠᠭᠰᠠᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠳᠣᠭᠤᠶᠢᠯᠠᠩ ᠬᠤᠪᠢᠶᠠᠨ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠢ ᠶᠠᠷᠢᠯᠴᠠᠨ ᠵᠦᠪᠳᠡᠯᠴᠡᠵᠡᠢ᠃      ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠪᠤᠯᠤᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠦᠩᠭᠡᠷᠡᠭᠰᠡᠨ ᠨᠢᠭᠡ ᠵᠢᠯ ᠤᠨ ᠪᠦᠬᠦ ᠬᠤᠲᠠ ᠶᠢᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠪᠣᠰᠣᠳᠴᠢ ᠪᠠᠷ ᠬᠤᠷᠢᠶᠠᠩᠭᠤᠶᠢᠯᠠᠵᠦ ᠂ ᠦᠨᠦ ᠵᠢᠯ ᠤᠨ ᠭᠤᠤᠯᠳᠠᠯᠭ᠎ᠠ ᠲᠠᠢ ᠬᠠᠷᠠᠯᠲᠠ ᠪᠠ ᠶᠡᠷᠦᠩᠭᠡᠢ ᠱᠠᠭᠠᠷᠳᠠᠯᠭ᠎ᠠ ᠶᠢ ᠳᠣᠳᠣᠷᠬᠠᠶᠢᠯᠠᠵᠦ᠂ ᠰᠢᠨ᠎ᠡ ᠴᠠᠭ ᠦᠶ᠎ᠡ ᠶᠢᠨ ᠬᠦᠭᠵᠢᠯᠲᠡ ᠶᠢᠨ ᠭᠤᠤᠯ ᠬᠦᠭ ᠠᠶᠠᠰ ᠲᠠᠢ ᠴᠢᠩᠭ᠎ᠠ ᠨᠡᠶᠢᠴᠡᠵᠦ᠂ ᠣᠯᠣᠰ ᠲᠦᠷᠦ ᠶᠢᠨ ᠵᠤᠭᠰᠣᠴᠠ ᠦᠨᠳᠦᠷ᠂ ᠠᠵᠢᠯ ᠢᠶᠠᠨ ᠯᠠᠪᠳᠠᠭᠤᠨ ᠲᠦᠰᠦᠪᠯᠡᠵᠦ᠂ ᠠᠵᠢᠯ ᠤᠨ ᠪᠠᠶᠢᠷᠢᠯᠠᠭᠤᠯᠤᠯᠲᠡ ᠶᠢᠨ ᠰᠡᠳᠭᠢᠴᠡ ᠲᠣᠳᠣᠷᠬᠠᠢ᠂ ᠭᠤᠤᠯᠳᠠᠯᠭ᠎ᠠ ᠳᠣᠪᠣᠶᠢᠮ᠎ᠡ᠂ ᠠᠷᠭ᠎ᠠ ᠪᠠᠷᠢᠯ ᠤᠨᠤᠪᠴᠢᠲᠠᠢ᠂ ᠬᠤᠲᠠ ᠶᠢᠨ ᠵᠠᠰᠠᠭ ᠤᠨ ᠣᠷᠳᠣᠨ ᠤ ᠲᠤᠭᠲᠠᠭᠤᠨ᠂  ᠪᠣᠲᠠᠲᠠᠶᠢᠵᠢᠭᠰᠠᠨ᠂ ᠦᠨᠡᠨ ᠢ ᠡᠷᠢᠬᠦ ᠠᠵᠢᠯ ᠤᠨ ᠰᠣᠷᠲᠠᠯ ᠢ ᠭᠦᠢᠴᠡᠳ ᠬᠠᠷᠠᠭᠤᠯᠤᠬᠰᠠᠨ ᠬᠡᠵᠡᠢ᠃
 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map