ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠱᠢ ᠬᠤᠩ ︽ᠠᠵᠦ ᠠᠬᠤᠢ ᠶᠢᠨ ᠡᠳᠦᠷ ᠤᠨ ᠰᠤᠨᠢᠨ︾ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2019-03-13
     ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠱᠢ ᠬᠤᠩ ︽ᠠᠵᠦ ᠠᠬᠤᠢ ᠶᠢᠨ ᠡᠳᠦᠷ ᠤᠨ ᠰᠤᠨᠢᠨ︾ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠵᠡᠢ᠃ ᠲᠡᠷᠡ ᠶᠠᠷᠢᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠠᠴᠠ ᠦᠪᠦᠷ ᠮᠤᠩᠭᠤᠯ ᠢ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠠᠶᠢᠭᠤᠯᠬᠤ ᠪᠤᠯ ᠪᠦᠬᠦ ᠤᠯᠤᠰ ᠤᠨ ᠬᠦᠭᠵᠢᠯᠲᠡ ᠶᠢᠨ ᠶᠡᠷᠦᠩᠬᠡᠢ ᠪᠠᠶᠢᠳᠠᠯ  ᠠᠴᠠ ᠲᠤᠭᠲᠠᠭᠠᠭᠳᠠᠭᠰᠠᠨ ᠪᠠᠶᠢᠯᠳᠤᠬᠤ ᠪᠤᠲᠤᠯᠭ᠎ᠠ ᠶᠢᠨ ᠪᠠᠶᠢᠷᠢᠰᠢᠭᠤᠯᠤᠯᠲᠠ ᠪᠤᠯᠬᠤ ᠶᠢᠨ ᠬᠠᠮᠲᠤ᠂ ᠦᠪᠦᠷ ᠮᠤᠩᠭᠤᠯ ᠤᠬᠠᠮᠰᠠᠷ ᠠᠴᠠ ᠪᠠᠨ ᠡᠬᠦᠷᠬᠡᠯᠡᠪᠡᠰᠦ ᠵᠤᠬᠢᠬᠤ ᠴᠢᠬᠤᠯᠠ ᠬᠠᠷᠢᠭᠤᠴᠠᠯᠭ᠎ᠠ ᠮᠦᠨ ᠭᠡᠵᠦ ᠴᠢᠬᠤᠯᠠᠴᠢᠯᠠᠵᠠᠢ᠃ ᠡᠨᠡ ᠪᠤᠯ ᠬᠠᠲᠤᠨ ᠭᠤᠤᠯ ᠳᠠᠭᠠᠤ ᠤᠷᠤᠨ ᠬᠡᠪᠴᠢᠶᠡᠨ ᠤ ᠬᠠᠮᠲᠤᠷᠠᠯᠴᠠᠨ ᠬᠦᠭᠵᠢᠬᠦ ᠶᠢᠨ ᠴᠢᠬᠤᠯᠠ ᠦᠨᠳᠦᠰᠦᠯᠡᠯ ᠶᠤᠮ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 7 ᠠᠶᠢᠮᠠᠭ ᠬᠤᠲᠠ ᠬᠠᠲᠤᠨ ᠭᠤᠤᠯ ᠳᠠᠭᠠᠤ ᠪᠠᠶᠢᠷᠢᠰᠢᠵᠦ᠂ ᠬᠠᠲᠤᠨ ᠭᠤᠤᠯ ᠳᠠᠭᠠᠤ ᠠᠮᠢ ᠠᠬᠤᠢ ᠠᠵᠦ ᠠᠬᠤᠢ ᠶᠢᠨ ᠪᠦᠰᠡ ᠶᠢᠨ ᠬᠦᠭᠵᠢᠯᠲᠡ ᠶᠢ ᠠᠬᠢᠭᠤᠯᠬᠤ  ᠨᠢ ᠬᠠᠲᠤᠨ ᠭᠤᠤᠯ ᠤᠨ ᠳᠡᠭᠡᠲᠦ ᠲᠤᠮᠳᠠ ᠲᠤᠤᠷᠠᠲᠦ ᠤᠷᠤᠰᠬᠠᠯ ᠤᠨ ᠬᠠᠮᠲᠤᠷᠠᠯᠴᠠᠨ ᠠᠬᠢᠭᠤᠯᠬᠤ ᠲᠦᠯᠦᠪ ᠪᠠᠶᠢᠳᠠᠯ ᠢ ᠪᠦᠷᠢᠯᠳᠦᠬᠦᠯᠬᠦ ᠳᠤ ᠠᠰᠢᠭᠳᠠᠢ᠃ ᠤᠯᠤᠰ ᠠᠴᠠ ᠬᠠᠲᠤᠨ ᠭᠤᠤᠯ ᠳᠠᠭᠠᠤ ᠶᠢᠨ ᠠᠮᠢ ᠠᠬᠤᠢ ᠶᠢᠨ ᠠᠵᠦ ᠠᠬᠤᠢ ᠶᠢᠨ ᠪᠦᠰᠡ ᠶᠢᠨ ᠬᠦᠭᠵᠢᠯᠲᠡ ᠶᠢᠨ ᠲᠦᠯᠦᠪᠵᠢᠬᠦᠯᠬᠡ ᠶᠢ ᠨᠡᠶᠢᠲᠡᠯᠡᠵᠦ᠂ ᠬᠠᠲᠤᠨ ᠭᠤᠤᠯ ᠳᠠᠭᠠᠤ ᠶᠢᠨ ᠠᠮᠢ ᠠᠬᠤᠢ ᠶᠢᠨ ᠠᠵᠦ ᠠᠬᠤᠢ ᠶᠢᠨ ᠪᠦᠰᠡ ᠶᠢᠨ ᠠᠵᠦ ᠤᠶᠢᠯᠡᠰ ᠤᠨ ᠪᠠᠶᠢᠷᠢᠰᠢᠭᠤᠯᠤᠯᠲᠠ᠂ ᠪᠤᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠳᠤ ᠣᠨᠴᠠ ᠳᠡᠰ ᠤᠨ ᠲᠦᠰᠦᠪᠯᠡᠯᠲᠡ ᠬᠢᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠢᠵᠠᠭᠠᠷᠯᠠᠬᠤ ᠲᠤᠭᠲᠠᠯᠴᠠᠭ᠎ᠠ ᠶᠢ ᠪᠠᠶᠢᠭᠤᠯᠤᠭᠰᠠᠨ ᠰᠠᠭᠤᠷᠢᠨ ᠲᠡᠭᠡᠷ᠎ᠡ᠂ ᠠᠵᠦ ᠤᠶᠢᠯᠡᠰ ᠤᠨ ᠠᠵᠢᠯ  ᠤᠨ ᠬᠤᠪᠢᠶᠠᠷᠢᠯᠠᠯ ᠤᠨ ᠬᠠᠮᠲᠤᠷᠠᠯᠴᠠᠭ᠎ᠠ ᠪᠠ ᠡᠮᠬᠢ ᠲᠠᠷᠠᠭᠠᠯᠠᠯ ᠲᠠᠢ ᠪᠠᠷ ᠬᠤᠪᠢᠷᠠᠭᠤᠯᠬᠤ ᠶᠢ ᠠᠬᠢᠭᠤᠯᠵᠦ᠂ ᠠᠮᠢ ᠠᠬᠤᠢ ᠨᠡᠩ ᠭᠤᠶᠢᠲᠠ ᠰᠠᠶᠢᠬᠠᠨ᠂ ᠠᠵᠦ ᠠᠬᠤᠢ ᠨᠡᠩ ᠵᠤᠬᠢᠴᠠᠩᠭᠤᠢ᠂ ᠵᠠᠬ᠎ᠠ ᠳᠡᠯᠭᠡᠭᠦᠷ ᠨᠡᠩ ᠨᠢᠬᠡᠲᠦᠨ ᠬᠦᠭᠵᠢᠭᠰᠡᠨ᠂ ᠨᠡᠩ ᠦᠷᠭᠦᠯᠵᠢᠯᠡᠬᠦᠶᠢᠴᠡ ᠰᠢᠵᠢᠷ ᠠᠯᠳᠠᠨ ᠠᠵᠦ ᠠᠬᠤᠢ ᠶᠢᠨ ᠪᠦᠰᠡ ᠶᠢ ᠴᠢᠷᠮᠠᠶᠢᠨ ᠴᠤᠭᠴᠠᠯᠠᠬᠤ  ᠶᠢ ᠪᠢ ᠰᠠᠨᠠᠭᠠᠴᠢᠯᠠᠵᠦ ᠪᠠᠶᠢᠨ᠎ᠠ ᠬᠡᠵᠡᠢ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map