ᠪᠦᠬᠦ ᠬᠤᠲᠠ ᠶᠢᠨ ᠰᠢ ᠶᠢᠨ ᠫᠢᠩ ᠶᠡᠷᠦᠩᠬᠡᠢ ᠱᠦᠵᠢ ᠤᠯᠤᠰ ᠲᠦᠷᠦ ᠶᠢᠨ ᠵᠦᠪᠯᠡᠯᠬᠡᠨ ᠤ ᠬᠤᠷᠠᠯ ᠳᠤ ᠤᠷᠤᠯᠴᠠᠭᠰᠠᠨ ᠰᠤᠶᠤᠯ ᠤᠷᠠᠯᠢᠭ᠂ ᠨᠡᠶᠢᠬᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠡᠰᠢᠬᠦᠳ ᠢ ᠪᠤᠯᠭᠤᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠷᠢᠯᠴᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-03-13
     3 ᠳ᠋ᠤᠭᠠᠷ ᠰᠠᠷ᠎ᠠ ᠶᠢᠨ 11 ᠤ ᠡᠳᠦᠷ᠂ ᠪᠦᠬᠦ ᠬᠤᠲᠠ ᠶᠢᠨ ᠰᠢ ᠶᠢᠨ ᠫᠢᠩ ᠶᠡᠷᠦᠩᠬᠡᠢ ᠱᠦᠵᠢ ᠤᠯᠤᠰ ᠲᠦᠷᠦ ᠶᠢᠨ ᠵᠦᠪᠯᠡᠯᠬᠡᠨ ᠤ ᠬᠤᠷᠠᠯ ᠳᠤ ᠤᠷᠤᠯᠴᠠᠭᠰᠠᠨ ᠰᠤᠶᠤᠯ ᠤᠷᠠᠯᠢᠭ᠂ ᠨᠡᠶᠢᠬᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠡᠰᠢᠬᠦᠳ ᠢ ᠪᠤᠯᠭᠤᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠷᠢᠯᠴᠠᠭᠠᠨ ᠤ ᠬᠤᠷᠠᠯ ᠬᠤᠷᠠᠯᠳᠤᠵᠠᠢ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠦᠬᠠᠢ ᠶᠢᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ᠂ ᠬᠤᠲᠠ ᠶᠢᠨ ᠪᠠᠭᠰᠢ ᠶᠢᠨ ᠳᠠᠪᠳᠠᠨ ᠪᠤᠯᠪᠠᠰᠤᠷᠠᠭᠤᠯᠤᠯᠲᠠ ᠶᠢᠨ ᠲᠦᠪ᠂ ᠬᠤᠲᠠ ᠶᠢᠨ ᠤᠯᠠᠨ ᠲᠦᠮᠡᠨ ᠤ ᠤᠷᠠᠯᠢᠭ ᠤᠨ ᠤᠷᠲᠤᠨ᠂ ᠬᠤᠲᠠ ᠶᠢᠨ ᠳᠠᠭᠤᠤ ᠪᠦᠵᠢᠭ ᠤᠨ ᠪᠦᠯᠬᠦᠮ ᠵᠡᠷᠭᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠪᠤᠯᠤᠨ ᠨᠡᠶᠢᠬᠡᠮ ᠤᠨ ᠪᠦᠯᠬᠦᠮ ᠨᠡᠶᠢᠲᠡ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ  ᠤ ᠵᠤᠷᠢᠭ ᠰᠠᠨᠠᠭ᠎ᠠ ᠶᠢᠨ ᠲᠤᠭᠤᠷᠢᠨ ᠳᠤ᠂ ᠮᠠᠨ ᠤ ᠬᠤᠲᠠ ᠶᠢᠨ ᠪᠤᠳᠠᠳᠦ ᠪᠠᠶᠢᠳᠠᠯ ᠲᠠᠢ ᠤᠶᠠᠯᠳᠤᠭᠤᠯᠤᠨ᠂ ᠬᠤᠪᠢ  ᠶᠢᠨ ᠠᠵᠢᠯ ᠳᠠᠭᠠᠨ ᠰᠠᠭᠤᠷᠢᠯᠠᠵᠦ᠂ ᠬᠠᠯᠠᠭᠤᠨ ᠶᠠᠷᠢᠯᠴᠠᠭ᠎ᠠ ᠦᠷᠨᠢᠬᠦᠯᠵᠡᠢ᠃      ᠬᠤᠷᠠᠯ ᠠᠴᠠ ᠱᠠᠭᠠᠷᠲᠠᠬᠤ ᠳᠠᠭᠠᠨ᠂ ᠪᠦᠬᠦ ᠬᠤᠲᠠ ᠶᠢᠨ ᠰᠤᠶᠤᠯ ᠤᠷᠠᠯᠢᠭ ᠤᠨ ᠠᠵᠢᠯᠳᠠᠳ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠠᠷᠢᠬᠢᠨ ᠳᠠᠭᠠᠨ ᠰᠢᠩᠬᠡᠬᠡᠵᠦ᠂ ᠰᠡᠳᠬᠢᠯ  ᠳᠡᠭᠡᠨ ᠬᠠᠳᠠᠩᠰᠢᠭᠤᠯᠤᠨ᠂ ᠪᠤᠲᠠᠲᠠᠢ ᠳᠤ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠤᠶᠤᠯ ᠤᠷᠠᠯᠢᠭ ᠤᠨ ᠪᠦᠲᠦᠭᠡᠯ ᠤᠨ ᠨᠦᠯᠦᠬᠡᠯᠡᠬᠦ ᠬᠦᠴᠦᠨ ᠢ ᠳᠠᠰᠤᠷᠠᠯᠲᠠ ᠦᠬᠡᠢ ᠳᠡᠭᠡᠭᠰᠢᠯᠡᠬᠦᠯᠵᠦ᠂ ᠮᠠᠨ ᠤ ᠬᠤᠲᠠ ᠶᠢᠨ ᠰᠤᠶᠤᠯ ᠤᠷᠠᠯᠢᠭ ᠤᠨ ᠤᠶᠢᠯᠡᠰ᠂ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠤᠶᠢᠯᠡᠰ ᠤᠨ ᠦᠷᠨᠢᠨ ᠬᠦᠭᠵᠢᠬᠦ  ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map