ᠮᠠᠨ ᠤ ᠬᠤᠳᠠ ᠦᠬᠠᠢ ᠶᠢᠨ ᠣᠨᠴᠠᠯᠢᠭᠲᠠᠢ ᠠᠵᠦ ᠦᠢᠯᠡᠰ ᠤᠨ ᠪᠦᠲᠦᠴᠡ ᠪᠠᠨ ᠬᠤᠪᠢᠷᠠᠭᠤᠯᠣᠭᠰᠠᠨ ᠬᠦᠭᠵᠢᠯᠲᠡ ᠶᠢᠨ ᠵᠠᠮ ᠢᠶᠠᠷ ᠵᠠᠮᠨᠠᠪᠠ
ᠨᠡᠶᠢᠲᠡᠯᠡᠭᠰᠡᠨ ᠴᠠᠭ᠄
2019-03-13
     ᠮᠠᠨ ᠤ ᠬᠤᠲᠠ ᠰᠢᠨ᠎ᠡ ᠪᠠᠷ ᠬᠦᠭᠵᠢᠭᠰᠡᠨ ᠠᠵᠦ ᠦᠢᠯᠡᠰ ᠤᠨ ᠲᠦᠪᠯᠡᠷᠡᠭᠰᠡᠨ ᠣᠷᠣᠨ ᠢ ᠴᠣᠭᠴᠠᠯᠠᠬᠤ ᠪᠠᠷ ᠳᠠᠮᠵᠢᠭᠤᠯᠤᠨ᠂ ᠣᠯᠠᠮᠵᠢᠯᠠᠯᠲᠦ ᠠᠵᠦ ᠦᠢᠯᠡᠰ ᠢ ᠲᠤᠬᠢᠷᠠᠭᠤᠯᠣᠨ ᠰᠢᠯᠢᠳᠡᠭᠵᠢᠭᠦᠯᠵᠦ᠂ ᠦᠢᠯᠡᠳᠪᠦᠷᠢᠯᠡᠯ ᠤᠨ ᠬᠡᠮᠵᠢᠶ᠎ᠡ ᠶᠢ ᠦᠷᠭᠡᠳᠭᠡᠵᠦ᠂ ᠨᠢᠭᠡ ᠬᠤᠶᠠᠷ ᠭᠤᠷᠪᠠᠳᠣᠭᠠᠷ ᠠᠵᠦ ᠦᠢᠯᠡᠰ᠂ ᠴᠡᠷᠢᠭ ᠠᠷᠠᠳ ᠤᠨ ᠠᠭᠤᠰᠣᠯᠴᠠᠯ ᠬᠦᠭᠵᠢᠯᠲᠡ ᠶᠢ ᠲᠦᠷᠭᠡᠳᠭᠡᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠲᠤᠭᠲᠠᠭᠤᠨ ᠦᠰᠦᠯᠲᠡ ᠶᠢ ᠪᠡᠶᠡᠯᠡᠭᠦᠯᠵᠦ᠂ ᠦᠬᠠᠢ ᠶᠢᠨ ᠣᠨᠴᠠᠯᠢᠭᠲᠠᠢ ᠠᠵᠦ ᠦᠢᠯᠡᠰ ᠤᠨ ᠪᠦᠲᠦᠴᠡ ᠪᠠᠨ ᠬᠤᠪᠢᠷᠠᠭᠤᠯᠣᠭᠰᠠᠨ ᠬᠦᠭᠵᠢᠯᠲᠡ  ᠶᠢᠨ ᠵᠠᠮ ᠢᠶᠠᠷ ᠵᠠᠮᠨᠠᠭᠰᠠᠨ ᠪᠠᠶᠢᠨ᠎ᠠ  ᠃      ᠪᠠᠷᠠᠭᠤᠨ ᠬᠤᠶᠢᠲᠦ ᠶᠢᠨ ᠬᠢᠮᠢ ᠶᠢᠨ ᠰᠦᠯᠵᠢᠶ᠎ᠡ ᠨᠢ ᠪᠠᠷᠠᠭᠤᠨ ᠬᠤᠶᠢᠲᠦ ᠶᠢᠨ ᠵᠢᠷᠭᠤᠭᠠᠨ ᠮᠣᠵᠢ ᠣᠷᠣᠨ ᠤ 191 ᠠᠵᠦ ᠦᠢᠯᠡᠳᠪᠦᠷᠢ   ᠶᠢᠨ ᠬᠦᠷᠢᠶᠡᠯᠡᠩ ᠤᠨ ᠡᠬᠢ ᠪᠠᠶᠠᠯᠢᠭ ᠢ ᠨᠢᠭᠡᠳᠬᠡᠬᠦ ᠪᠠᠷ ᠳᠠᠮᠵᠢᠭᠤᠯᠤᠨ᠂ ︽ᠢᠨᠲ᠋ᠧᠷ ᠰᠦᠯᠵᠢᠶ᠎ᠡ + ᠬᠢᠮᠢ ᠶᠢᠨ ᠠᠵᠦ ᠦᠢᠯᠡᠳᠪᠦᠷᠢ︾ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠠᠵᠦ ᠦᠢᠯᠡᠳᠪᠦᠷᠢ ᠶᠢᠨ ᠠᠵᠦ ᠠᠬᠤᠶᠢᠯᠠᠯ᠂ ᠠᠷᠠᠯᠵᠢᠶ᠎ᠠ ᠬᠤᠳᠠᠯᠳᠣᠭᠠᠴᠢᠨ᠂ ᠪᠠᠷᠠᠭᠠᠨ ᠤ ᠭᠦᠢᠯᠭᠡᠭᠡᠨ ᠤ ᠬᠤᠳᠠᠯᠳᠣᠭᠠᠴᠢᠨ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠬᠤᠳᠠᠯᠳᠣᠭᠠᠴᠢᠨ ᠵᠢᠴᠢ ᠦᠵᠦᠭᠦᠷᠯᠢᠭ ᠤᠨ ᠬᠤᠳᠠᠯᠳᠣᠭᠠᠴᠢᠨ ᠵᠡᠷᠭᠡ ᠭᠤᠤᠯ ᠴᠣᠭᠴᠠ ᠳᠤ ᠨᠢᠭᠡ ᠦᠷᠲᠡᠭᠡᠨ ᠤ ᠬᠡᠯᠪᠡᠷᠢ ᠶᠢᠨ ᠶᠡᠷᠦᠩᠭᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠵᠦ ᠪᠤᠢ᠂ ᠲᠣᠰ ᠰᠦᠯᠵᠢᠶ᠎ᠡ ᠨᠢ 2018 ᠣᠨ ᠤ 9 ᠳ᠋ᠣᠭᠡᠷ ᠰᠠᠷ᠎ᠠ ᠳᠤ ᠠᠰᠢᠭᠯᠠᠯᠲᠠ ᠳᠤ ᠣᠷᠣᠭᠰᠠᠨ ᠠᠴᠠ ᠨᠠᠰᠢ᠂ ᠣᠳᠣᠬᠠᠨ ᠳᠤ ᠨᠢᠭᠡᠨᠲᠡ 230 ᠭᠠᠷᠣᠢ ᠬᠠᠮᠳᠣᠷᠠᠯᠴᠠᠭᠠᠨ ᠤ ᠬᠤᠳᠠᠯᠳᠣᠭᠠᠴᠢᠨ ᠲᠠᠢ ᠠᠷᠠᠯᠵᠢᠶ᠎ᠠ ᠬᠢᠵᠦ᠂ ᠶᠡᠷᠦᠩᠭᠡᠢ ᠠᠷᠠᠯᠵᠢᠶᠠᠨ ᠤ ᠬᠡᠮᠵᠢᠶ᠎ᠡ ᠨᠢ 8000 ᠲᠦᠮᠡᠨ ᠲᠦᠭᠦᠷᠢᠭ ᠲᠤ ᠬᠦᠷᠴᠡᠢ᠃      ᠲᠤᠬᠢᠷᠠᠭᠤᠯᠣᠯᠲᠠ ᠶᠢᠨ ᠱᠠᠲᠣᠨ ᠳᠤ ᠣᠷᠣᠭᠰᠠᠨ ᠳ᠋ᠦᠩ  ᠶᠣᠸᠠᠨ ᠰᠢᠨᠵᠢᠯᠡᠭᠡ ᠮᠡᠷᠭᠡᠵᠢᠯ ᠤᠨ ᠺᠤᠮᠫᠠᠨᠢ ᠶᠢᠨ ᠡᠲ᠋ᠧᠨ ᠦᠢᠯᠡᠳᠪᠦᠷᠢᠯᠡᠬᠦ ᠲᠦᠷᠦᠯ ᠵᠦᠢᠯ ᠪᠣᠯ ᠰᠠᠨᠰᠠᠷ ᠤᠨ ᠠᠶᠠᠯᠠᠯ ᠤᠨ ᠠᠷᠪᠠᠨ ᠬᠤᠶᠠᠳᠣᠭᠠᠷ ᠬᠦᠷᠢᠶᠡᠯᠡᠩ ᠤᠨ ᠰᠢᠨᠵᠢᠯᠡᠭᠡ ᠰᠣᠳᠣᠯᠭᠠᠨ ᠤ ᠦᠷ᠎ᠡ ᠪᠦᠲᠦᠭᠡᠯ ᠪᠠᠶᠢᠵᠦ᠂ ᠳ᠋ᠦᠩ ᠶᠤᠸᠠᠨ ᠰᠢᠨᠵᠢᠯᠡᠭᠡ ᠮᠡᠷᠭᠡᠵᠢᠯ ᠤᠨ ᠺᠤᠮᠫᠠᠨᠢ ᠬᠡᠪᠴᠢᠶᠡᠵᠢᠭᠰᠡᠨ ᠦᠢᠯᠡᠳᠪᠦᠷᠢᠯᠡᠯ ᠢ ᠪᠡᠶᠡᠯᠡᠭᠦᠯᠦᠭᠰᠡᠨ ᠤ ᠳᠠᠷᠠᠭ᠎ᠠ᠂ ᠣᠯᠠᠮᠵᠢᠯᠠᠯᠲᠦ ᠴᠣᠬᠤᠢ ᠶᠢᠨ ᠴᠢᠯᠠᠭᠤ᠂ ᠴᠠᠬᠢᠯᠠᠭᠤᠷ ᠴᠢᠯᠠᠭᠤ ᠵᠡᠷᠭᠡ ᠶᠢᠨ ᠡᠨᠧᠷᠬᠢ ᠶᠢᠨ ᠬᠤᠷᠣᠭᠳᠠᠯ ᠦᠨᠳᠦᠷ᠂ ᠣᠷᠴᠢᠨ ᠲᠤᠭᠤᠷᠢᠨ ᠢ ᠪᠤᠬᠢᠷᠳᠣᠭᠤᠯᠬᠤ ᠵᠡᠷᠭᠡ ᠲᠤᠳᠠᠭᠳᠠᠯ ᠢ ᠰᠢᠢᠳᠪᠦᠷᠢᠯᠡᠬᠦ ᠪᠤᠯᠤᠨ᠎ᠠ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map