3 ᠳ᠋ᠣᠭᠠᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠣᠷᠭᠠᠭᠤᠯᠢ | ᠶᠢᠨ 2019 ᠤᠨ ᠤ ᠬᠠᠪᠣᠷ ᠤᠨ ᠣᠯᠠᠷᠢᠯ ᠤᠨ ᠰᠣᠷᠭᠠᠭᠤᠯᠢ ᠡᠬᠢᠯᠡᠬᠦ ᠶᠣᠰᠣᠯᠠᠯ ᠵᠢᠴᠢ ᠪᠦᠬᠦ ᠬᠤᠲᠠ ᠶᠢᠨ | ᠣᠳᠣᠷᠢᠳᠬᠤ ᠺᠠᠳ᠋ᠷᠴᠣᠳ ᠤᠨ ᠨᠠᠮ ᠤᠨ ᠣᠯᠣᠰ ᠲᠦᠷᠦ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ | ᠰᠣᠳᠣᠯᠣᠨ ᠶᠠᠷᠢᠯᠴᠠᠬᠤ ᠠᠩᠭᠢ ᠶᠢᠨ ᠠᠩᠭᠢ ᠡᠬᠢᠯᠡᠬᠦ ᠶᠤᠰᠣᠯᠠᠯ ᠶᠠᠪᠣᠭᠳᠠᠵᠠᠢ᠃ ᠬᠤᠲᠠ ᠶᠢᠨ ᠣᠯᠣᠰ ᠲᠦᠷᠦ ᠶᠢᠨ | ᠵᠦᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠠᠩᠭᠢ ᠡᠬᠢᠯᠡᠬᠦ ᠶᠤᠰᠤᠯᠠᠯ ᠳᠤ ᠣᠷᠣᠯᠴᠠᠵᠠᠢ᠃ | ᠠᠩᠭᠢ ᠡᠬᠢᠯᠡᠬᠦ ᠶᠣᠰᠣᠯᠠᠯ ᠳᠡᠭᠡᠷ᠎ᠡ᠂ ᠦᠪᠦᠷ ᠮᠤᠩᠭᠤᠯ ᠤᠨ ᠨᠠᠮ ᠤᠨ ᠰᠣᠷᠠᠭᠠᠭᠤᠯᠢ ᠶᠢᠨ ᠲᠡᠳ᠋ ᠵᠠᠬᠢᠷᠣᠯ᠂ | ᠦᠪᠦᠷ ᠮᠤᠩᠭᠤᠯ ᠤᠨ ᠵᠠᠰᠠᠭ ᠵᠠᠬᠢᠷᠭᠠᠨ ᠤ ᠲᠡᠭᠡᠲᠤ ᠰᠣᠷᠭᠠᠭᠤᠯᠢ ᠶᠢᠨ ᠲᠡᠳ᠋ ᠬᠤᠷᠢᠶᠠᠨ ᠳᠠᠷᠤᠭ᠎ᠠ ᠯᠢ ᠱᠤ᠋ ᠯᠢᠨ ︽ | ᠣᠯᠣᠰ ᠲᠦᠷᠦ ᠶᠢᠨ ᠪᠦᠲᠦᠭᠡᠨ ᠪᠠᠶᠢᠭᠤᠯᠤᠯᠲᠠ ᠪᠠᠷ ᠣᠳᠣᠷᠢᠳᠣᠯᠭ᠎ᠠ ᠪᠣᠯᠭᠠᠨ᠂ ᠨᠠᠮ ᠤᠨ ᠪᠦᠬᠦ ᠲᠠᠯ᠎ᠠ ᠪᠠᠷ | ᠣᠳᠣᠷᠢᠳᠣᠬᠤ ᠶᠢ ᠪᠠᠷᠢᠮᠳᠠᠯᠠᠬᠤ ᠪᠠ ᠴᠢᠩᠭᠠᠳᠬᠠᠬᠤ︾ ᠲᠣᠰᠬᠠᠢ ᠰᠡᠳᠦᠪᠲᠦ ᠲᠠᠶᠢᠯᠣᠮᠵᠢ ᠬᠢᠵᠡᠢ᠃ ᠯᠢ ᠱᠤ᠋ ᠯᠢᠨ | ᠰᠢᠨ᠎ᠡ ᠴᠠᠭ ᠦᠶ᠎ᠡ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠭᠤᠣ ᠶᠡᠭᠡ ᠢᠨᠵᠧᠨᠧᠷᠢᠩ ᠤᠨ ᠦᠵᠦ | ᠳᠠᠪᠬᠤᠷᠭᠠᠨ ᠤ ᠲᠦᠰᠦᠪᠯᠡᠯᠲᠡ᠂ ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠪᠠᠷᠢᠮᠳᠠᠯᠠᠬᠤ ᠪᠠ ᠴᠢᠩᠭᠠᠳᠬᠠᠬᠤ | ᠂ ᠨᠠᠮ ᠤᠨ ᠣᠯᠣᠰ ᠲᠦᠷᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠠᠴᠠ ᠭᠦᠨᠵᠡᠭᠡᠢ | ᠣᠶᠢᠯᠠᠭᠠᠮᠵᠢᠲᠠᠢ ᠲᠠᠶᠢᠯᠣᠮᠵᠢ ᠬᠢᠵᠠᠢ᠃ ᠯᠢ ᠱᠣ᠋ ᠯᠢᠨ ᠠᠴᠠ᠂ ᠣᠯᠣᠰ ᠲᠦᠷᠦ ᠶᠢᠨ ᠵᠤᠬᠰᠤᠴᠠ ᠪᠠᠨ ᠲᠠᠰᠣᠷᠠᠯᠲᠠ | ᠦᠭᠡᠢ ᠳᠡᠭᠡᠭᠰᠢᠯᠡᠭᠦᠯᠵᠦ᠂ ᠣᠯᠣᠰ ᠲᠦᠷᠦ ᠶᠢᠨ ᠴᠢᠳᠠᠮᠵᠢ ᠪᠠᠨ ᠴᠢᠩᠭᠠᠳᠬᠠᠵᠦ᠂ ︽ᠳᠦᠷᠪᠡᠨ ᠣᠬᠠᠮᠰᠠᠷ︾ ᠢᠶᠠᠨ | ᠪᠠᠬᠢᠵᠢᠭᠦᠯᠦᠨ᠂ ︽ᠳᠦᠷᠪᠡᠨ ᠢᠲᠡᠭᠡᠯ︾ ᠢᠶᠠᠨ ᠪᠠᠳᠤᠣᠳᠬᠠᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠵᠦᠪᠬᠡᠨ ᠢᠩᠭᠢᠪᠡᠯ ᠰᠠᠶ᠋ᠢ ᠨᠡᠩ ᠢᠲᠡᠭᠡᠯ ᠲᠡᠭᠦᠯᠳᠡᠷ ᠢᠶᠠᠷ᠂ ᠯᠠᠪᠳᠠᠭᠤᠨ ᠪᠣᠳᠠᠳᠠᠢ ᠬᠡᠪ | ᠰᠣᠷᠳᠠᠯ ᠢᠶᠠᠷ᠂ ᠨᠡᠩ ᠬᠦᠴᠦᠨ ᠲᠠᠢ ᠠᠷᠭ᠎ᠠ ᠠᠪᠴᠠᠯ ᠢᠶᠠᠷ ᠢᠷᠡᠭᠡᠳᠦᠢ ᠶᠢᠨ ᠠᠵᠢᠯ ᠳᠤ ᠣᠷᠣᠯᠴᠠᠵᠦ᠂ ᠦᠬᠠᠢ | ᠶᠢᠨ ᠠᠵᠦ ᠠᠬᠤᠢ ᠨᠡᠶᠢᠭᠡᠮ ᠤᠨ ᠬᠦᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠦ ᠳᠡᠶᠢᠯᠦᠨ᠎ᠡ ᠭᠡᠵᠦ | ᠴᠢᠬᠤᠯᠠᠴᠢᠯᠠᠵᠠᠢ᠃ |