ᠣᠶᠢᠷ᠎ᠠ ᠶᠢᠨ ᠵᠢᠯ ᠤᠨ ᠲᠣᠷᠰᠢ᠂ ᠮᠠᠨ ᠤ ᠬᠤᠲᠠ ︽ᠬᠦᠬᠡ ᠠᠭᠤᠯᠠ ᠬᠦᠬᠡᠮᠳᠦᠭ ᠣᠰᠣ ᠪᠣᠯ ᠠᠯᠳᠠ | ᠮᠦᠩᠭᠦᠨ ᠠᠭᠤᠯᠠ︾ ᠬᠡᠬᠦ ᠤᠬᠠᠮᠰᠠᠷ ᠲᠤ ᠪᠠᠲᠣ ᠰᠠᠭᠤᠷᠢᠯᠠᠵᠦ᠂ ᠪᠠᠶᠢᠭᠠᠯᠢ ᠠᠬᠤᠢ ᠶᠢ ᠣᠶᠢᠵᠢᠭᠤᠯᠣᠨ | ᠨᠣᠭᠤᠭᠠᠷᠠᠭᠤᠯᠬᠤ ᠳᠤ ᠬᠦᠴᠦ ᠲᠠᠯᠪᠢᠵᠦ᠂ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ | 2018 ᠤᠨ ᠳᠤ 1.2 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ ᠭᠤᠣᠯᠳᠠᠯᠭᠠᠲᠣ ᠣᠷᠣᠨ | ᠬᠡᠪᠴᠢᠶᠠᠨ ᠤ 1.09 ᠲᠦᠮᠡᠨ ᠮᠣ᠋ ᠶᠢ ᠨᠣᠭᠤᠭᠠᠷᠠᠭᠤᠯᠣᠭᠰᠠᠨ ᠪᠠᠶᠢᠨ᠎ᠠ᠃ ᠡᠭᠦᠨ ᠳᠤ᠂ ᠵᠠᠰᠠᠮᠠᠯ ᠵᠠᠮ ᠳᠠᠭᠠᠣ ᠶᠢᠨ | ᠨᠣᠭᠤᠭᠠᠷᠠᠭᠤᠯᠣᠯᠲᠠ 25.5 ᠺᠢᠯᠣᠮᠧᠲᠷ ᠤᠨ 472 ᠮᠤ᠋᠂ ᠬᠦᠳᠡᠭᠡ ᠲᠣᠰᠬᠤᠨ ᠠᠭᠤᠷᠬᠠᠢ ᠶᠢᠨ ᠣᠷᠣᠨ ᠤ | ᠨᠣᠭᠤᠭᠠᠷᠠᠭᠤᠯᠣᠯᠲᠠ 6175 ᠮᠤ᠋᠂ ᠬᠤᠲᠠ ᠪᠠᠯᠭᠠᠰᠣᠨ ᠤ ᠡᠷᠬᠢᠨ ᠲᠤᠭᠤᠷᠢᠨ ᠤ ᠨᠣᠭᠤᠭᠠᠷᠠᠭᠤᠯᠣᠯᠲᠠ 1784 | ᠮᠤ᠋᠂ ᠬᠠᠲᠣᠨ ᠭᠤᠣᠯ ᠤᠨ ᠰᠠᠪᠠ ᠭᠠᠵᠠᠷ ᠤᠨ ᠨᠣᠭᠤᠭᠠᠷᠠᠭᠤᠯᠣᠯᠲᠠ 734 ᠮᠤ᠋ ᠳᠤ ᠬᠦᠷᠴᠡᠢ᠃ | 2019 ᠤᠨ ᠳᠤ᠂ ᠮᠠᠨ ᠤ ᠬᠤᠲᠠ ᠦᠷᠭᠦᠯᠵᠢᠯᠡᠨ ᠡᠬᠡ ᠣᠯᠣᠰ ᠤᠨ ᠣᠮᠠᠷᠠᠲᠣ ᠶᠢᠨ ᠴᠢᠬᠤᠯᠠ ᠠᠮᠢ | ᠠᠬᠤᠢ ᠶᠢᠨ ᠠᠮᠣᠷ ᠲᠦᠪᠰᠢᠨ ᠤ ᠬᠠᠯᠬᠠᠪᠴᠢ ᠪᠣᠯᠬᠤ ᠪᠠᠨ ᠪᠠᠳᠣᠳᠬᠠᠵᠦ᠂ ᠣᠮᠠᠷᠠᠲᠦ ᠬᠢᠵᠠᠭᠠᠷ ᠤᠨ ᠲᠦᠮᠡᠨ | ᠭᠠᠵᠠᠷ ᠤᠨ ᠨᠣᠭᠤᠭᠠᠨ ᠦᠩᠭᠡᠲᠦ ᠣᠷᠲᠦ ᠴᠠᠭᠠᠨ ᠬᠡᠷᠡᠮ ᠢ ᠪᠣᠰᠬᠠᠬᠤ ᠬᠡᠬᠦ ᠪᠠᠷ ᠶᠡᠷᠦᠩᠭᠡᠢ ᠬᠠᠷᠠᠯᠲᠠ ᠪᠣᠯᠭᠠᠨ᠂ | ᠪᠠᠶᠢᠭᠠᠯᠢᠯᠢᠭ ᠣᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠡᠬᠢ ᠶᠢ ᠵᠠᠰᠠᠬᠤ ᠵᠡᠷᠭᠡ | ᠣᠯᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠤᠯᠤᠨ ᠠᠵᠢᠯ | ᠲᠦᠷᠦᠯ ᠤᠳ ᠢ ᠭᠦᠨᠵᠡᠭᠡᠢ ᠬᠡᠷᠡᠭᠵᠢᠭᠦᠯᠦᠨ ᠠᠮᠢ ᠠᠬᠤᠢ ᠶᠢᠨ ᠬᠠᠮᠠᠭᠠᠯᠠᠯᠠᠲᠠ ᠳᠠᠬᠢ ᠬᠠᠮᠢᠶᠠᠷᠣᠯᠲᠠ ᠵᠠᠰᠠᠯᠲᠠ ᠪᠠᠨ | ᠣᠯᠠᠮ ᠴᠢᠩᠭᠠᠳᠬᠠᠵᠦ᠂ ᠬᠠᠣᠯᠢ ᠪᠣᠰᠣ ᠪᠠᠷ ᠣᠢ ᠰᠢᠭᠤᠢ ᠠᠮᠢ ᠠᠬᠤᠢ ᠶᠢ ᠡᠪᠳᠡᠬᠦ ᠠᠵᠢᠯᠯᠠᠭᠠᠨ ᠳᠤ ᠬᠦᠨᠳᠦ | ᠴᠣᠬᠢᠯᠲᠠ ᠦᠭᠴᠦ᠂ ᠨᠣᠭᠤᠭᠠᠷᠠᠭᠤᠯᠣᠨ ᠰᠡᠷᠭᠦᠭᠡᠬᠦ ᠠᠵᠢᠯ ᠢ ᠨᠡᠩ ᠡᠷᠴᠢᠮᠲᠡᠢ ᠦᠷᠨᠢᠭᠦᠯᠵᠦ ᠪᠤᠢ᠃ |