2019 ᠤᠨ ᠤ ᠮᠤᠩᠭᠤᠯ ᠤᠷᠠᠨ ᠪᠢᠴᠢᠯᠬᠡ ᠶᠢᠨ ᠪᠤᠯᠪᠠᠰᠤᠷᠠᠯ ᠤᠨ ᠠᠩᠬᠢ ᠤᠨ ᠬᠢᠴᠢᠶᠡᠯ ᠡᠬᠢᠯᠡᠬᠦ ᠶᠤᠰᠤᠯᠠᠯ ᠦᠬᠠᠢ ᠶᠢᠨ ᠮᠤᠩᠭᠤᠯ ᠳᠤᠮᠳᠠᠳᠦ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2019-05-13
     5 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ᠂ ᠦᠬᠠᠢ ᠶᠢᠨ ᠮᠤᠩᠭᠤᠯ ᠲᠤᠮᠳᠠᠳᠦ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ 2019 ᠤᠨ ᠤ ᠮᠤᠩᠭᠤᠯ ᠤᠷᠠᠨ ᠪᠢᠴᠢᠯᠬᠡ ᠶᠢᠨ ᠪᠤᠯᠪᠠᠰᠤᠷᠠᠯ ᠤᠨ ᠠᠩᠬᠢ ᠤᠨ ᠬᠢᠴᠢᠶᠡᠯ ᠡᠬᠢᠯᠡᠬᠦ ᠶᠤᠰᠤᠯᠠᠯ ᠦᠬᠠᠢ ᠶᠢᠨ ᠮᠤᠩᠭᠤᠯ ᠳᠤᠮᠳᠠᠳᠦ ᠰᠤᠷᠭᠠᠭᠤᠯᠢ ᠳᠤ ᠶᠠᠪᠤᠭᠳᠠᠵᠠᠢ᠃ ᠬᠢᠴᠢᠶᠡᠯ ᠡᠬᠢᠯᠡᠬᠦ ᠶᠤᠰᠤᠯᠠᠯ ᠳᠤ᠂ ᠬᠢᠴᠢᠶᠡᠯᠯᠡᠭᠴᠢ ᠪᠠᠭᠰᠢ ᠠᠴᠠ ᠮᠤᠩᠭᠤᠯ ᠤᠷᠠᠨ ᠪᠢᠴᠢᠯᠬᠡ ᠶᠢᠨ ᠡᠬᠦᠰᠦᠯ ᠭᠠᠷᠤᠯ᠂ ᠬᠦᠭᠵᠢᠯᠳᠠ  ᠶᠢᠨ ᠲᠡᠤᠬᠡᠨ ᠶᠠᠪᠤᠴᠠ᠂ ᠰᠤᠷᠤᠯᠴᠠᠭ᠎ᠠ ᠶᠢᠨ ᠶᠠᠪᠤᠴᠠ ᠳᠠᠬᠢ ᠠᠩᠬᠠᠷᠤᠰᠢᠳᠠᠢ ᠵᠤᠶᠢᠯᠡᠰ ᠢ  ᠨᠠᠷᠢᠯᠢᠭ ᠲᠠᠶᠢᠯᠪᠤᠷᠢᠯᠠᠵᠦ ᠂ ᠰᠤᠷᠤᠭᠴᠢᠳ ᠤᠨ ᠮᠤᠩᠭᠤᠯ ᠤᠷᠠᠨ ᠪᠢᠴᠢᠯᠬᠡ ᠶᠢᠨ ᠬᠢᠷᠢ ᠲᠦᠪᠰᠢᠨ ᠡᠳᠦᠷ ᠠᠴᠠ ᠡᠳᠦᠷ ᠳᠡᠭᠡᠭᠰᠢᠯᠡᠬᠦ ᠶᠢ ᠬᠦᠰᠡᠨ ᠵᠦᠩᠨᠡᠵᠡᠢ᠃ ᠮᠤᠩᠭᠤᠯ ᠤᠷᠠᠨ ᠪᠢᠴᠢᠯᠬᠡ ᠶᠢᠨ ᠪᠤᠯᠪᠠᠰᠤᠷᠠᠯ ᠤᠨ ᠠᠩᠬᠢ ᠨᠢ᠂ ᠦᠬᠠᠢ ᠬᠤᠲᠠ ᠶᠢᠨ ᠮᠤᠩᠭᠤᠯ ᠤᠷᠠᠨ ᠪᠢᠴᠢᠯᠬᠡ ᠶᠢᠨ ᠲᠤᠷ᠎ᠠ ᠪᠠᠭ᠋ᠠᠳᠠᠳ ᠲᠤ ᠵᠤᠷᠢᠭᠤᠯᠵᠤ᠂ ᠡᠯ᠎ᠡ ᠦᠨᠳᠦᠰᠦᠲᠡᠨ᠂ ᠡᠯ᠎ᠡ ᠨᠠᠰᠦᠨ ᠤ ᠤᠷᠠᠨ ᠪᠢᠴᠢᠯᠬᠡ ᠶᠢᠨ ᠲᠤᠷ᠎ᠠ ᠪᠠᠭ᠋ᠠᠳᠠᠳ ᠲᠤ ᠦᠨ᠎ᠡ ᠲᠦᠯᠦᠪᠦᠷᠢ ᠦᠬᠡᠢ ᠪᠠᠷ ᠰᠢᠲ᠋ᠧᠮᠵᠢᠭᠰᠡᠨ ᠤᠷᠠᠨ ᠪᠢᠴᠢᠯᠬᠡ  ᠶᠢᠨ ᠪᠤᠯᠪᠠᠰᠤᠷᠠᠯ ᠬᠦᠮᠦᠵᠢᠯ ᠬᠠᠩᠭᠠᠬᠤ ᠪᠠᠷ ᠵᠤᠷᠢᠯᠭ᠎ᠠ ᠪᠠᠨ ᠪᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠢᠴᠢᠶᠡᠯᠡᠯᠬᠡ ᠶᠢᠨ ᠠᠩᠬᠢ ᠪᠠᠶᠢᠵᠦ᠂ 2018 ᠤᠨ ᠳᠤ ᠠᠩᠬ᠎ᠠ ᠬᠡᠴᠢᠶᠡᠯᠯᠡᠭᠰᠡᠨ ᠠᠴᠠ ᠤᠲᠤ ᠪᠤᠯᠳᠠᠯ᠎ᠠ ᠨᠡᠶᠢᠲᠡ ᠵᠠᠭᠤ ᠭᠠᠷᠤᠢ ᠮᠤᠩᠭᠤᠯ ᠤᠷᠠᠨ ᠪᠢᠴᠢᠯᠬᠡ ᠶᠢᠨ ᠲᠤᠷ᠎ᠠ ᠪᠠᠭ᠋ᠠᠳᠠᠳ ᠲᠤ ᠪᠤᠯᠪᠠᠰᠤᠷᠠᠯ ᠬᠦᠷᠲᠡᠭᠡᠵᠡᠢ᠃ ᠦᠬᠠᠢ ᠬᠤᠲᠠ ᠶᠢᠨ ᠮᠤᠩᠭᠤᠯ ᠤᠷᠠᠨ ᠪᠢᠴᠢᠯᠬᠡ ᠶᠢᠨ ᠪᠤᠯᠪᠠᠰᠤᠷᠠᠯ ᠤᠨ ᠠᠩᠬᠢ ᠨᠢ ᠦᠨᠳᠦᠰᠦᠲᠡᠨ ᠤ ᠰᠤᠶᠤᠯ ᠤᠨ ᠬᠦᠭᠵᠢᠯᠲᠡ ᠶᠢ ᠠᠬᠢᠭᠤᠯᠵᠤ᠂ ᠡᠯ᠎ᠡ ᠦᠨᠳᠦᠰᠦᠲᠡᠨ ᠤ ᠰᠤᠶᠤᠯ ᠤᠨ ᠰᠤᠯᠢᠯᠴᠯᠠᠭ᠎ᠠ ᠶᠢ ᠨᠡᠮᠡᠭᠳᠡᠬᠦᠯᠦᠨ᠂ ᠦᠬᠠᠢ ᠬᠤᠲᠠ ᠶᠢᠨ ︽ᠳᠤᠮᠳᠠᠳᠦ ᠤᠯᠤᠰ ᠤᠨ ᠤᠷᠠᠨ ᠪᠢᠴᠢᠯᠬᠡ ᠶᠢᠨ ᠬᠤᠲᠠ︾ ᠶᠢᠨ ᠨᠡᠷ᠎ᠡ ᠲᠡᠮᠳᠡᠭ ᠢ ᠨᠡᠩ ᠶᠡᠭᠡ ᠠᠯᠳᠠᠷᠰᠢᠭᠤᠯᠬᠤ ᠪᠤᠯᠤᠨ᠎ᠠ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map