10 ᠰᠠᠷ᠎ᠠ ᠶᠢᠨ 11 ᠤ ᠡᠳᠦᠷ᠂ ᠮᠠᠨ ᠤ ᠬᠤᠲᠠ ᠪᠥᠬᠦ ᠬᠤᠲᠠ ᠶᠢᠨ ᠬᠡᠪᠴᠢᠶᠡᠨ ᠳᠤ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠪᠠᠶᠢᠳᠠᠯ ᠢ | ᠣᠶᠢᠯᠠᠭᠠᠬᠤ ᠠᠵᠢᠯ ᠥᠷᠨᠢᠭᠦᠯᠪᠡ᠃ | ᠨᠡᠶᠢᠳᠡᠮ ᠪᠠᠶᠢᠴᠠᠭᠠᠭᠴᠢ ᠪᠠᠶᠢᠳᠠᠯ ᠢ ᠣᠶᠢᠯᠠᠭᠠᠬᠤ ᠶᠠᠪᠤᠴᠠ ᠳᠠᠭᠠᠨ᠂ ᠬᠠᠷᠢᠭᠤᠴᠠᠵᠤ ᠪᠠᠶᠢᠭ᠎ᠠ ᠣᠷᠣᠨ | ᠪᠦᠰᠡ ᠶᠢᠨ ᠳᠣᠲᠣᠷᠠᠬᠢ ᠰᠠᠭᠤᠭᠠᠯᠢ ᠡᠷᠦᠬᠡ ᠳᠤ ︽ᠰᠠᠭᠤᠭᠠᠯᠢ ᠡᠷᠦᠬᠡ ᠳᠤ ᠦᠭᠬᠦ ᠨᠢᠭᠡ ᠬᠤᠪᠢ ᠵᠠᠬᠢᠳᠠᠯ︾ | ᠲᠠᠷᠬᠠᠭᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠬᠢᠵᠦ᠂ ᠰᠠᠭᠤᠭᠠᠯᠢ ᠡᠷᠦᠬᠡ ᠠᠴᠠ | ᠠᠯᠢ ᠵᠦᠢᠯ ᠤᠨ ᠳᠠᠩᠰᠠᠯᠠᠬᠤ ᠠᠷᠭ᠎ᠠ ᠶᠢ ᠰᠣᠩᠭᠤᠬᠤ ᠶᠢ ᠬᠦᠰᠡᠵᠦ ᠪᠠᠶᠢᠬᠤ᠂ ᠡᠷᠦᠬᠡ ᠳᠤ ᠣᠷᠣᠬᠤ ᠳᠠᠩᠰᠠᠯᠠᠯ ᠤᠨ | ᠬᠤᠯᠪᠤᠭᠳᠠᠯ ᠪᠦᠬᠦᠢ ᠲᠣᠬᠢᠷᠠᠭᠤᠯᠤᠯᠲᠠ ᠶᠢ ᠮᠡᠳᠡᠭᠳᠡᠵᠦ᠂ ᠰᠠᠭᠤᠭᠠᠯᠢ ᠡᠷᠦᠬᠡ ᠳᠤ ᠵᠣᠬᠢᠴᠠᠩᠭᠤᠶ ᠪᠡᠯᠡᠳᠬᠡᠯ ᠠᠵᠢᠯ | ᠢᠶᠠᠨ ᠰᠠᠶᠢᠲᠤᠷ ᠬᠢᠬᠦ ᠶᠢ ᠰᠠᠨᠠᠭᠤᠯᠪᠠ᠃ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠳᠤ ᠣᠷᠣᠯᠴᠠᠬᠤ ᠶᠢ | ᠰᠣᠩᠭᠤᠭᠰᠠᠨ ᠰᠠᠭᠤᠭᠠᠯᠢ ᠡᠷᠦᠬᠡ ᠳᠤ᠂ ᠨᠡᠶᠢᠳᠡᠮ ᠪᠠᠶᠢᠴᠠᠭᠠᠭᠴᠢ ᠲᠡᠷᠡ ᠳᠠᠷᠤᠶ ᠳᠤᠨᠢ ᠲᠣᠰ ᠰᠠᠭᠤᠭᠠᠯᠢ | ᠡᠷᠦᠬᠡ ᠶᠢᠨ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠳᠤ ᠬᠡᠷᠡᠭᠰᠡᠬᠦ ᠳᠠᠩᠰᠠᠨ ᠨᠣᠮᠧᠷ ᠤᠨ ᠮᠡᠳᠡᠭᠡ ᠵᠠᠩᠭᠢ ᠶᠢ | ᠬᠠᠩᠭᠠᠵᠤ᠂ ᠲᠠᠭᠯᠠᠨ ᠮᠡᠳᠡᠭᠦᠯᠬᠦ ᠴᠤᠪᠤᠷᠠᠯ ᠪᠠ ᠠᠩᠬᠠᠷᠬᠤ ᠵᠦᠢᠯᠡᠰ ᠢ ᠲᠠᠶᠢᠯᠪᠤᠷᠢᠯᠠᠪᠠ᠃ ᠨᠡᠶᠢᠳᠡᠮ ᠪᠠᠶᠢᠴᠠᠭᠠᠭᠴᠢ | ᠪᠠᠰᠠ ᠡᠯᠧᠺᠲᠷᠣᠨ ᠴᠤᠭᠯᠠᠭᠤᠯᠬᠤ ᠲᠥᠬᠦᠭᠡᠷᠦᠮᠵᠢ ᠶᠢ ᠬᠡᠷᠡᠭᠯᠡᠨ ᠨᠡᠶᠢᠳᠡᠮ ᠪᠠᠶᠢᠴᠠᠭᠠᠯᠳᠠ ᠶᠢᠨ ᠵᠢᠵᠢᠭ | ᠲᠣᠭᠤᠷᠢᠭ ᠤᠨ ᠪᠠᠷᠢᠯᠭ᠎ᠠ ᠪᠣᠯᠤᠨ ᠣᠷᠣᠨ ᠰᠠᠭᠤᠴᠠ ᠶᠢᠨ ᠨᠢᠭᠡᠴᠢ ᠳᠤ ᠡᠷᠦᠬᠡ ᠳᠠᠷᠠᠭᠠᠯᠠᠨ ᠪᠠᠶᠢᠴᠠᠭᠠᠯᠳᠠ ᠬᠢᠵᠦ᠂ | ᠬᠥᠮᠦᠨ ᠠᠮᠠ ᠪᠣᠯᠤᠨ ᠣᠷᠣᠰᠢᠨ ᠰᠠᠭᠤᠵᠤ ᠪᠠᠶᠢᠭ᠎ᠠ ᠪᠠᠶᠢᠳᠠᠯ ᠢ ᠡᠵᠡᠮᠰᠢᠬᠦ ᠶᠢᠨ ᠬᠠᠮᠲᠤ ︽ᠡᠷᠦᠬᠡ ᠶᠢᠨ ᠡᠵᠡᠨ ᠤ | ᠣᠪᠣᠭ ᠨᠡᠷ᠎ᠡ ᠶᠢᠨ ᠡᠬᠡ ᠳᠠᠩᠰᠠ︾ ᠶᠢ ᠨᠠᠶᠢᠷᠠᠭᠤᠯᠤᠨ ᠵᠣᠬᠢᠶᠠᠪᠠ᠃ | ᠥᠩᠭᠡᠷᠡᠭᠡᠭᠰᠡᠨ ᠤ ᠨᠡᠶᠢᠳᠡᠮ ᠪᠠᠶᠢᠴᠠᠭᠠᠯᠲᠠ ᠶᠢᠨ ᠠᠵᠢᠯ ᠲᠠᠢ ᠬᠠᠷᠢᠴᠠᠭᠤᠯᠪᠠᠯ᠂ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠡᠯᠧᠺᠲᠷᠣᠨ ᠲᠥᠬᠦᠭᠡᠷᠦᠮᠵᠢ ᠶᠢ | ᠪᠦᠬᠦ ᠲᠠᠯ᠎ᠠ ᠪᠠᠷ ᠬᠡᠷᠡᠭᠯᠡᠬᠦ ᠶᠢᠨ ᠬᠠᠮᠲᠤ ᠰᠦᠯᠵᠢᠶ᠎ᠡ ᠬᠤᠯᠪᠣᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠠᠴᠠ | ᠭᠠᠳᠠᠨ᠎ᠠ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠢᠨᠲ᠋ᠧᠷ ᠰᠦᠯᠵᠢᠶ᠎ᠡ ᠪᠠᠷ ᠳᠠᠮᠵᠢᠨ ᠪᠡᠶ᠎ᠡ ᠪᠠᠨ ᠳᠠᠭᠠᠭᠠᠵᠤ | ᠲᠠᠭᠯᠠᠨ ᠮᠡᠳᠡᠭᠦᠯᠬᠦ ᠠᠷᠭ᠎ᠠ ᠶᠢ ᠠᠩᠬ᠎ᠠ ᠤᠳᠠᠭ᠎ᠠ ᠰᠠᠨᠠᠭᠠᠴᠢᠯᠠᠵᠤ᠂ ᠣᠯᠠᠨ ᠢᠶᠠᠷ ᠢᠶᠠᠨ ᠸᠢᠴᠠᠲ ᠤᠨ ᠵᠢᠵᠢᠭ | ᠫᠷᠤᠭ᠍ᠷᠠᠮ ᠢᠶᠠᠷ ᠭᠠᠷ ᠤᠲᠠᠰᠤ ᠵᠡᠷᠭᠡ ᠰᠢᠯᠵᠢᠮᠡᠯ ᠦᠵᠦᠬᠦᠷᠯᠢᠭ ᠲᠤ ᠬᠤᠪᠢ ᠬᠦᠮᠦᠨ ᠪᠠ ᠬᠡᠷ ᠪᠦᠯᠢ ᠶᠢᠨ ᠮᠡᠳᠡᠭᠡ | ᠵᠠᠩᠭᠢ ᠶᠢ ᠪᠡᠶ᠎ᠡ ᠪᠠᠨ ᠳᠠᠭᠠᠭᠠᠵᠤ ᠲᠠᠭᠯᠠᠬᠤ ᠶᠢ ᠵᠣᠷᠢᠭᠵᠢᠭᠤᠯᠪᠠ᠃ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ | ᠬᠤᠭᠤᠴᠠᠭᠠᠨ ᠳᠤ᠂ ᠪᠦᠬᠦ ᠬᠤᠲᠠ ᠶᠢᠨ ᠪᠠᠷᠤᠭ 2800 ᠨᠡᠷᠡᠰ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠵᠢᠯᠣᠭᠤᠳᠣᠭᠴᠢ ᠪᠤᠯᠤᠨ ᠨᠡᠶᠢᠳᠡᠮ ᠪᠠᠶᠢᠴᠠᠭᠠᠭᠴᠢ ᠡᠯᠧᠺᠲᠷᠣᠨ ᠲᠥᠬᠦᠭᠡᠷᠦᠮᠵᠢ ᠶᠢ ᠪᠦᠬᠦ ᠲᠠᠯ᠎ᠠ ᠪᠠᠷ ᠬᠡᠷᠡᠭᠯᠡᠵᠦ᠂ | ᠲᠦᠭ ᠲᠦᠮᠡᠨ ᠠᠶᠢᠯ ᠡᠷᠦᠬᠡ ᠳᠤ ᠬᠦᠷᠴᠦ᠂ ᠣᠶᠤᠨᠯᠢᠭ ᠭᠠᠷ ᠤᠲᠠᠰᠤ ᠪᠤᠶᠤ PAD ᠪᠠᠷ ᠳᠠᠮᠵᠢᠭᠤᠯᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠳᠡᠩᠰᠡᠯᠡᠯᠲᠡ ᠶᠢᠨ ᠠᠵᠢᠯ ᠬᠢᠬᠦ ᠪᠤᠯᠤᠨ᠎ᠠ᠃ | ᠬᠠᠶᠢᠷᠤᠪ ᠤᠨ ᠲᠣᠬᠤᠢ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ | ᠡᠷᠬᠢᠯᠡᠭᠴᠢ ᠵᠠᠩ ᠵᠦᠩ ᠵᠢᠶᠦ᠋ᠨ᠄ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠠᠵᠢᠯ ᠨᠢᠭᠡᠨᠲᠡ ᠵᠢᠩᠬᠢᠨᠢ ᠪᠠᠷ ᠡᠬᠢᠯᠡᠪᠡ᠂ ᠣᠳᠣ ᠪᠠᠶᠢᠳᠠᠯ ᠢ ᠣᠶᠢᠯᠠᠭᠠᠬᠤ ᠱᠠᠲᠤᠨ ᠳᠤ ᠣᠷᠣᠵᠤ | ᠂ ᠪᠠᠶᠢᠳᠠᠯ ᠢ ᠣᠶᠢᠯᠠᠭᠠᠬᠤ ᠱᠠᠲᠤ ᠨᠢ 10 ᠰᠠᠷ᠎ᠠ ᠶᠢᠨ 11 ᠤ ᠡᠳᠦᠷ ᠠᠴᠠ 10 ᠰᠠᠷ᠎ᠠ ᠶᠢᠨ 31 ᠤ ᠡᠳᠦᠷ | ᠪᠣᠯᠲᠠᠯ᠎ᠠ ᠶᠠᠪᠤᠭᠳᠠᠵᠤ᠂ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠳᠠᠩᠰᠠᠯᠠᠨ᠎ᠠ᠃ ᠪᠠᠶᠢᠳᠠᠯ ᠢ | ᠣᠶᠢᠯᠠᠭᠠᠬᠤ ᠬᠤᠭᠤᠴᠠᠭᠠᠨ ᠳᠤ᠂ ᠰᠠᠭᠤᠭᠠᠯᠢ ᠡᠷᠦᠬᠡ ᠶᠢᠨ ᠮᠡᠳᠡᠭᠡ ᠵᠠᠩᠭᠢ ᠶᠢ ᠳᠥᠭᠦᠮᠬᠡᠨ ᠤᠶᠢᠯᠠᠭᠠᠵᠤ᠂ 11 | ᠰᠠᠷ᠎ᠠ ᠶᠢᠨ 1 ᠤ ᠡᠳᠦᠷ ᠵᠢᠩᠬᠢᠨᠢ ᠪᠠᠷ ᠳᠠᠩᠰᠠᠯᠠᠬᠤ ᠣᠶᠶ᠎ᠠ ᠳᠤ᠂ ᠰᠠᠭᠤᠭᠠᠯᠢ ᠡᠷᠦᠬᠡ ᠶᠢᠨ ᠨᠠᠷᠢᠨ ᠨᠢᠭᠲᠠ ᠮᠡᠳᠡᠭᠡ | ᠵᠠᠩᠭᠢ ᠶᠢ ᠵᠢᠩᠬᠢᠨᠢ ᠪᠠᠷ ᠳᠠᠩᠰᠠᠯᠠᠬᠤ ᠪᠣᠯᠤᠨ᠎ᠠ᠂ ᠥᠷᠭᠡᠨ ᠣᠯᠠᠨ ᠬᠤᠲᠠ ᠶᠢᠨ ᠠᠷᠠᠳ ᠪᠦᠬᠦ ᠤᠯᠤᠰ ᠤᠨ | ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠳᠤ ᠢᠳᠡᠪᠬᠢᠲᠡᠢ ᠬᠠᠮᠵᠢᠯᠴᠠᠨ᠂ | ᠮᠠᠨ ᠤ ᠬᠤᠲᠠ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠳᠤ ᠬᠠᠮᠵᠢᠯᠴᠠᠭ᠎ᠠ ᠦᠵᠡᠬᠦᠯᠬᠦ ᠶᠢ ᠬᠦᠰᠡᠵᠦ | ᠪᠠᠶᠢᠨ᠎ᠠ︾ ᠬᠡᠵᠡᠢ᠃ | |