ᠡᠷᠡᠭᠦᠯ ᠡᠩᠬᠡ ᠦᠬᠠᠶ ᠶᠢᠨ ᠠᠵᠢᠯᠯᠠᠭ᠎ᠠ ᠶᠢ ᠥᠨᠳᠥᠷ ᠪᠦᠲᠦᠮᠵᠢᠲᠡᠶ ᠠᠬᠢᠭᠤᠯᠵᠤ᠂ ᠬᠤᠲᠠ ᠶᠢᠨ ᠠᠷᠠᠳ ᠤᠨ | ᠡᠷᠡᠭᠦᠯ ᠮᠡᠨᠳᠦ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ᠂ 10 ᠰᠠᠷ᠎ᠠ ᠶᠢᠨ 10 ᠤ ᠡᠳᠦᠷ᠂ ︽ | ᠡᠷᠡᠭᠦᠯ ᠡᠩᠬᠡ ᠦᠬᠠᠶ ︵2020 — 2030︶︾ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ | ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ | ᠮᠥᠴᠢᠷ ᠵᠢᠴᠢ ᠬᠡᠰᠡᠭ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠡᠭᠡᠷ᠎ᠡ ᠬᠠᠭᠠᠰ ᠵᠢᠯ ᠤᠨ ᠠᠵᠢᠯ | ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠨᠡᠶᠢᠲᠡᠯᠢᠭ ᠶᠠᠷᠢᠶ᠎ᠠ ᠲᠠᠯᠪᠢᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠰᠡᠳᠭᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ | ︵2020 — 2030︶ ᠶᠢᠨ ᠬᠡᠷᠡᠭᠵᠢᠭᠦᠯᠬᠦ ᠲᠥᠰᠦᠯ ᠳᠤ ᠲᠠᠶᠢᠯᠤᠮᠵᠢ ᠬᠢᠵᠦ᠂ ᠬᠠᠷᠠᠯᠲᠠ ᠱᠠᠭᠠᠷᠳᠠᠯᠭ᠎ᠠ ᠪᠠᠨ | ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠪᠠᠨ ᠨᠠᠷᠢᠯᠢᠭᠵᠢᠭᠤᠯᠤᠨ ᠬᠤᠪᠢᠷᠠᠭᠤᠯᠵᠤ᠂ ᠡᠷᠡᠭᠦᠯ ᠡᠩᠬᠡ | ᠦᠬᠠᠶ ᠶᠢᠨ ᠠᠵᠢᠯᠯᠠᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃ | ᠬᠡᠷᠡᠭᠵᠢᠭᠦᠯᠬᠦ ᠲᠥᠰᠦᠯ ᠶᠣᠰᠣᠭᠠᠷ᠂ 2022 ᠣᠨ ᠪᠣᠯᠬᠤ ᠳᠤ᠂ ᠮᠠᠨ ᠤ ᠬᠤᠲᠠ ᠠᠵᠤ ᠠᠬᠤᠶ | ᠨᠡᠶᠢᠭᠡᠮ ᠤᠨ ᠡᠯ᠎ᠡ ᠬᠤᠯᠪᠤᠭᠳᠠᠯ ᠪᠥᠬᠦᠶ ᠬᠦᠷᠢᠶ᠎ᠡ ᠶᠢ ᠬᠠᠮᠤᠷᠤᠭᠰᠠᠨ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ︔ 2030 ᠣᠨ ᠪᠣᠯᠬᠤ ᠳᠤ᠂ ᠰᠠᠭᠤᠭᠠᠯᠢ | ᠠᠷᠠᠳ ᠤᠨ ᠰᠡᠳᠬᠢᠴᠡ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 40% ᠬᠦᠷᠲᠡᠯ᠎ᠡ ᠳᠡᠭᠡᠭᠰᠢᠯᠡᠭᠦᠯᠵᠦ᠂ | ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠦᠨᠳᠦᠰᠦᠨ ᠳᠡᠭᠡᠨ ᠲᠦᠭᠡᠮᠡᠯᠵᠢᠭᠦᠯᠵᠦ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠦᠢᠴᠡᠳᠭᠡᠯ ᠲᠤᠭ᠎ᠠ ᠶᠢᠨ ᠬᠢᠷᠢ ᠲᠦᠪᠰᠢᠨ ᠢ ᠥᠨᠳᠥᠷ ᠣᠷᠣᠯᠭ᠎ᠠ ᠲᠠᠢ ᠤᠯᠤᠰ | ᠤᠨ ᠡᠩᠨᠡᠭᠡᠨ ᠳᠤ ᠣᠷᠣᠭᠤᠯᠵᠣ᠂ ︽ᠡᠷᠡᠭᠦᠯ ᠡᠩᠬᠡ ᠥᠪᠥᠷ ᠮᠣᠩᠭᠤᠯ 2030︾ ᠬᠤᠯᠪᠣᠭᠳᠠᠯ ᠪᠥᠬᠦᠶ | ᠬᠠᠷᠠᠯᠲᠠ ᠶᠢ ᠪᠡᠶᠡᠯᠡᠭᠦᠯᠦᠨ᠎ᠡ᠃ |