ᠪᠥᠬᠦ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠲᠤᠰᠬᠠᠶ ᠮᠡᠷᠭᠡᠵᠢᠯ ᠤᠨ ᠠᠵᠢᠯᠳᠠᠨ ᠤ ᠨᠠᠮᠤᠷ ᠡᠪᠦᠯ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2020/10/14
     ᠪᠦᠬᠦ ᠬᠤᠲᠠ ᠶᠢᠨ ᠡᠪᠡᠳᠴᠢᠨ ᠡᠮᠭᠡᠭ ᠢ ᠬᠢᠵᠠᠭᠠᠷᠯᠠᠬᠤ ᠰᠢᠰᠲ᠋ᠧᠮ ᠤᠨ ᠲᠤᠰᠬᠠᠶ ᠮᠡᠷᠭᠡᠵᠢᠯ ᠤᠨ ᠠᠵᠢᠯᠲᠠᠨ ᠤ ᠬᠤᠯᠤᠭᠠᠨ᠎ᠠ ᠬᠢᠵᠢᠭ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠣᠯᠤᠨ ᠠᠵᠤ ᠠᠬᠤᠶ ᠶᠢᠨ ᠬᠥᠭᠵᠢᠯᠲᠡ ᠶᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠥᠬᠦ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠨᠠᠮᠤᠷ ᠡᠪᠦᠯ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠠᠩᠭᠢ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠳᠠ ᠶᠢ ᠡᠷᠭᠢᠯᠡᠪᠡ᠃      ᠪᠥᠬᠦ ᠬᠤᠲᠠ ᠶᠢᠨ ᠭᠤᠷᠪᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠮᠡᠷᠭᠡᠵᠢᠯ ᠤᠨ ᠭᠤᠤᠯᠯᠠᠭᠴᠢ ᠬᠦᠴᠦᠨ ᠵᠡᠷᠭᠡ ᠨᠡᠶᠢᠲᠡ 80 ᠭᠠᠷᠤᠶ ᠬᠥᠮᠦᠨ ᠪᠣᠯᠪᠠᠰᠤᠷᠠᠯ ᠤᠨ ᠠᠩᠭᠢ ᠳᠤ ᠣᠷᠣᠯᠴᠠᠵᠠᠶ᠃ ᠪᠣᠯᠪᠠᠰᠤᠷᠠᠯ ᠤᠨ ᠠᠩᠭᠢ ᠳᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠯᠪᠤᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠳᠣᠯᠣᠳᠤᠭᠠᠷ ᠬᠡᠪᠯᠡᠯ︶︾᠂ ︽ᠬᠡᠪ ᠵᠠᠭᠪᠤᠷ ᠴᠤᠭᠯᠠᠭᠤᠯᠬᠤ᠂ ᠵᠥᠭᠡᠭᠡᠪᠦᠷᠢᠯᠡᠬᠦ ᠪᠠ ᠠᠮᠢᠳᠤ ᠪᠣᠳᠠᠰ ᠤᠨ ᠠᠮᠤᠷ ᠲᠦᠪᠰᠢᠨ︾ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ  ᠡᠵᠡᠮᠳᠡᠬᠦ ᠮᠡᠷᠭᠡᠵᠢᠯ᠂ ᠬᠥᠮᠦᠨ ᠤ ᠶᠢᠷᠲᠢᠨᠴᠦ ᠶᠢᠨ ᠬᠤᠯᠤᠭᠠᠨ᠎ᠠ ᠶᠢᠨ ᠬᠢᠵᠢᠭ ᠤᠨ ᠵᠢᠱᠢᠶ᠎ᠡ ᠬᠢᠵᠢᠭ ᠤᠨ ᠪᠠᠶᠢᠳᠠᠯ ᠤᠨ ᠵᠠᠳᠠᠯᠤᠯᠲᠠ︾ ᠵᠡᠷᠭᠡ ᠲᠠᠯ᠎ᠠ ᠪᠠᠷ ᠨᠠᠷᠢᠨ ᠬᠢᠨᠠᠮᠠᠭᠠᠶ ᠲᠠᠶᠢᠯᠤᠮᠵᠢ ᠬᠢᠵᠡᠶ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠯᠤᠭᠠᠨ᠎ᠠ ᠶᠢᠨ ᠬᠢᠵᠢᠭ ᠤᠨ ᠪᠠᠶᠢᠳᠠᠯ᠂ ᠰᠢᠨ᠎ᠡ ᠲᠢᠳᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠷᠡᠭᠡᠨ ᠲᠡᠭᠡᠷᠡᠭᠢ ᠰᠣᠷᠢᠯᠳᠠ ᠶᠢᠨ ᠦᠵᠡᠬᠦᠯᠦᠯᠬᠡ  ᠶᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠶᠢ ᠢᠯᠡᠷᠡᠭᠦᠯᠬᠦ ᠠᠴᠠ ᠠᠪᠤᠭᠠᠳ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠦᠷᠲᠡᠯᠡᠬᠢ ᠪᠦᠬᠦ ᠶᠠᠪᠤᠴᠠ ᠶᠢ ᠲᠥᠰᠦᠭᠡᠯᠡᠪᠡ᠃ᠰᠣᠷᠢᠯᠳᠠ ᠶᠢᠨ ᠦᠵᠡᠬᠦᠯᠦᠯᠬᠡ ᠨᠢ ᠲᠠᠶᠢᠯᠪᠤᠷᠢᠯᠠᠬᠤ᠂ ᠠᠰᠠᠭᠤᠯᠲᠠ ᠠᠰᠠᠭᠤᠬᠤ᠂ ᠰᠣᠨᠣᠰᠣᠭᠴᠢᠳ ᠬᠠᠷᠢᠭᠤᠯᠬᠤ ᠬᠡᠯᠪᠡᠷᠢ ᠪᠠᠷ ᠶᠠᠪᠤᠭᠳᠠᠵᠤ᠂ ᠶᠠᠪᠤᠴᠠ ᠨᠢ ᠬᠢᠵᠢᠭ ᠤᠨ ᠪᠠᠶᠢᠳᠠᠯ ᠢ ᠢᠯᠡᠷᠡᠭᠦᠯᠬᠦ᠂ ᠮᠡᠳᠡᠭᠦᠯᠬᠦ᠂ ᠪᠠᠶᠢᠴᠠᠭᠠᠬᠤ᠂ ᠰᠢᠢᠳᠪᠦᠷᠢᠯᠡᠬᠦ ᠵᠡᠷᠭᠡ ᠡᠯ᠎ᠡ ᠲᠠᠯ᠎ᠠ ᠶᠢᠨ ᠭᠤᠭᠴᠤᠭ᠎ᠠ ᠳᠤ ᠬᠤᠯᠪᠣᠭᠳᠠᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠪᠠᠰᠠ ᠦᠯᠢᠭᠡᠷ ᠡᠳ᠋ ᠴᠤᠭᠯᠠᠭᠤᠯᠬᠤ ᠪᠠ ᠰᠡᠷᠭᠡᠶᠢᠯᠡᠨ ᠬᠠᠮᠠᠭᠠᠯᠠᠬᠤ ᠬᠤᠪᠴᠠᠰᠤ ᠡᠮᠦᠰᠴᠦ ᠮᠤᠯᠲᠤᠷᠠᠬᠤ ᠰᠣᠷᠢᠯᠲᠠ ᠬᠢᠵᠡᠶ᠃      ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠷ ᠳᠠᠮᠵᠢᠨ᠂ ᠪᠥᠬᠦ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠲᠤᠰᠬᠠᠶ ᠮᠡᠷᠭᠡᠵᠢᠯ ᠤᠨ ᠠᠵᠢᠯᠳᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠯ᠎ᠡ ᠵᠦᠢᠯ ᠤᠨ ᠴᠤᠪᠤᠷᠠᠯ ᠢ ᠪᠣᠯᠪᠠᠰᠤᠷᠠᠩᠭᠤᠶ ᠡᠵᠡᠮᠰᠢᠭᠦᠯᠪᠡ︔ ᠡᠭᠦᠨ ᠤ ᠬᠠᠮᠲᠤ᠂ ᠮᠠᠨ ᠤ ᠬᠤᠲᠠ ᠶᠢᠨ ᠨᠠᠮᠤᠷ ᠡᠪᠦᠯ ᠤᠨ ᠤᠯᠠᠷᠢᠯ ᠤᠨ ᠬᠤᠯᠤᠭᠠᠨ᠎ᠠ ᠬᠢᠵᠢᠭ ᠤᠨ ᠬᠢᠵᠢᠭ ᠤᠨ ᠪᠠᠶᠢᠳᠠᠯ᠂ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠮᠡᠷᠭᠡᠵᠢᠯ ᠤᠨ ᠨᠥᠭᠡᠴᠡ ᠶᠢ ᠨᠡᠮᠡᠭᠳᠡᠭᠦᠯᠵᠦ᠂ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠵᠤ᠂ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠲᠤᠰᠬᠠᠶ ᠮᠡᠷᠭᠡᠵᠢᠯ ᠤᠨ ᠠᠵᠢᠯᠲᠠᠨ ᠰᠢᠨᠵᠢᠯᠡᠬᠦ ᠤᠬᠠᠭᠠᠨᠴᠢ᠂ ᠵᠢᠷᠣᠮᠵᠢᠭᠤᠨ᠂ ᠡᠮᠬᠢ ᠵᠢᠷᠤᠮ ᠲᠠᠢ ᠪᠠᠷ ᠠᠷᠭᠠᠴᠠᠭᠠᠬᠤ ᠪᠠ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠪᠤᠯᠤᠨ᠎ᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map