ᠲᠤᠯᠤᠳᠣᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠠᠢᠮᠠᠳᠣᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠵᠢᠴᠢ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠬᠦᠨᠵᠡᠭᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠬᠥᠳᠡᠯᠦᠩᠭᠦᠶ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/14
     10 ᠰᠠᠷ᠎ᠠ ᠶᠢᠨ 12 ᠤᠨ ᠡᠳᠦᠷ᠂ ᠲᠤᠯᠤᠳᠣᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠠᠢᠮᠠᠳᠣᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠵᠢᠴᠢ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠬᠦᠨᠵᠡᠭᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠬᠥᠳᠡᠯᠦᠩᠭᠦᠶ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠭᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠦᠸᠧ ᠵᠢᠶᠦ᠋ᠨ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠵᠢᠯᠣᠭᠤᠳᠬᠤ ᠪᠠ ᠬᠢᠨᠠᠨ ᠵᠢᠯᠤᠭᠤᠳᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠪᠣᠯᠤᠨ ᠠᠷᠪᠠᠳᠤᠭᠠᠷ ᠬᠤᠭᠤᠴᠠᠭᠠᠨ ᠤ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠣᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠤᠩᠰᠢᠨ ᠨᠡᠶᠢᠲᠡᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠰᠢᠨ᠎ᠡ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠦᠬᠦ ᠬᠤᠲᠠ ᠶᠢᠨ ᠴᠠᠭᠳᠠᠨ ᠪᠠᠶᠢᠴᠠᠭᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠬᠦᠢᠴᠡᠳ ᠲᠠᠨᠢᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠤᠯᠤᠰ ᠲᠦᠷᠦ ᠶᠢᠨ ᠡᠭᠦᠷᠭᠡ ᠶᠢ ᠤᠬᠠᠮᠰᠠᠷ ᠠᠴᠠ ᠪᠠᠨ ᠡᠬᠦᠷᠭᠡᠯᠡᠬᠦ ᠬᠡᠷᠡᠭᠳᠡᠢ︔ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠰᠢᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠰᠦᠷᠳᠡᠬᠦᠯᠬᠦ ᠦᠷ᠎ᠡ ᠪᠦᠲᠦᠮᠵᠢ ᠪᠠᠨ ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠣᠳᠠᠲᠠᠶ ᠦᠷ᠎ᠡ ᠪᠦᠲᠦᠮᠵᠢ ᠪᠠᠨ ᠲᠠᠰᠤᠷᠠᠯᠳᠠ ᠦᠭᠡᠢ ᠢᠯᠡᠷᠡᠭᠦᠯᠬᠦ ᠬᠡᠷᠡᠭᠳᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠠᠷᠢᠭᠤᠴᠠᠯᠭ᠎ᠠ ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠴᠠᠭᠳᠠᠨ ᠪᠠᠶᠢᠴᠠᠭᠠᠬᠤ ᠠᠵᠢᠯ ᠢᠶᠠᠨ ᠬᠦᠴᠦᠲᠡᠢ ᠡᠮᠬᠢ ᠵᠢᠷᠣᠮ ᠲᠠᠢ ᠪᠦᠲᠦᠮᠵᠢᠲᠡᠢ ᠥᠷᠨᠢᠭᠦᠯᠬᠦ ᠶᠢ ᠪᠠᠲᠤᠯᠠᠬᠤ ᠬᠡᠷᠡᠭᠲᠡᠢ︔ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠩᠭ᠎ᠠ ᠬᠦᠴᠦᠲᠡᠶ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠪᠦᠬᠦ ᠬᠤᠲᠠ ᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠳᠤ ᠨᠢᠭᠡ ᠬᠤᠪᠢ ᠬᠢᠷᠢ ᠲᠡᠩᠴᠡᠭᠰᠡᠨ ᠤᠯᠤᠰ ᠲᠥᠷᠦ ᠶᠢᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map