ᠡᠨᠡ ᠵᠢᠯ ᠤᠨ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠨᠡᠶᠢᠲᠡ 24 ᠵᠦᠢᠯ ᠤᠨ ᠮᠡᠷᠭᠡᠵᠢᠯ ᠤᠨ | ᠭᠡᠷ᠎ᠡ ᠳᠠᠩᠰᠠᠯᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠭᠰᠠᠨ ᠲᠤᠭ᠎ᠠ ᠨᠢ 3.8 ᠳ᠋ᠦᠩᠰᠢᠭᠤᠷ ᠰᠢᠬᠠᠮ | ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠠᠷᠠᠯᠵᠢᠶ᠎ᠠ ᠶᠢᠨ ᠳᠠᠷᠠᠭ᠎ᠠ 38 | ᠵᠦᠢᠯ ᠤᠨ ᠨᠥᠬᠦᠪᠥᠷᠢ ᠥᠭᠬᠦ ᠲᠦᠷᠦᠯ ᠵᠦᠢᠯ ᠢ ᠵᠣᠬᠢᠶᠠᠨ ᠪᠠᠶᠢᠭᠤᠯᠵᠤ᠂ 31 ᠲᠥᠷᠥᠯ ᠵᠦᠢᠯ ᠢ ᠬᠢᠨᠠᠨ | ᠬᠠᠷᠭᠤᠭᠤᠯᠵᠤ ᠪᠠᠲᠤᠯᠠᠭᠠᠳ᠂ ᠳᠡᠭᠡᠷ᠎ᠡ ᠨᠢᠭᠡ ᠵᠢᠯ ᠤᠨ ᠬᠢ ᠠᠴᠠ 106% ᠪᠠᠷ ᠨᠡᠮᠡᠭᠳᠡᠵᠦ᠂ ᠲᠥᠷᠥᠯ ᠵᠦᠢᠯ ᠤᠨ | ᠳᠡᠮᠵᠢᠯᠭᠡ ᠶᠢ ᠣᠯᠤᠭᠰᠠᠨ ᠠᠵᠤ ᠠᠬᠤᠶᠢᠯᠠᠯ 22 ᠪᠠᠶᠢᠵᠤ᠂ ᠲᠦᠷᠦᠭᠦᠤ ᠵᠢᠯ ᠤᠨ ᠬᠢ ᠠᠴᠠ 69% ᠪᠠᠷ ᠨᠡᠮᠡᠭᠳᠡᠨ | ᠂ ᠮᠡᠷᠭᠡᠵᠢᠯ ᠤᠨ ᠠᠷᠠᠯᠵᠢᠶ᠎ᠠ ᠶᠢᠨ ᠳᠠᠷᠠᠭᠠᠬᠢ ᠨᠥᠬᠦᠪᠥᠷᠢ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠶᠢ | ᠨᠡᠶᠢᠲᠡ 172.5 ᠲᠦᠮᠡᠨ ᠲᠥᠭᠦᠷᠢᠭ ᠭᠥᠷᠳᠡᠪᠡ᠃ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ | ᠰᠠᠯᠠᠭ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠬᠤ ᠪᠣᠯ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ | ᠵᠣᠷᠢᠭᠵᠢᠭᠤᠯᠬᠤ᠂ ᠮᠡᠷᠭᠡᠵᠢᠯ ᠤᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠪᠠ ᠪᠠᠲᠤᠯᠠᠬᠤ | ᠴᠢᠬᠤᠯᠠ ᠳᠦᠷᠢᠮ ᠮᠥᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠦᠨᠳᠦᠰᠦ ᠪᠠᠷᠢᠮᠲᠠ ᠮᠥᠨ᠃ ᠮᠡᠷᠭᠡᠵᠢᠯ ᠤᠨ | ᠠᠷᠠᠯᠵᠢᠶᠠᠨ ᠤ ᠲᠤᠭ᠎ᠠ ᠪᠣᠯ ᠲᠤᠰ ᠭᠠᠵᠠᠷ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠬᠦᠳᠬᠦ ᠬᠢᠷᠢ ᠬᠡᠮᠵᠢᠶ᠎ᠡ᠂ | ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠯᠲᠡ᠂ ᠮᠡᠷᠭᠡᠵᠢᠯ ᠤᠨ ᠵᠠᠬ᠎ᠠ ᠲᠡᠯᠭᠡᠬᠦᠷ ᠤᠨ ᠬᠥᠭᠵᠢᠶᠡᠨᠲᠦ | ᠬᠡᠮᠵᠢᠶ᠎ᠡ ᠵᠡᠷᠭᠡ ᠶᠢ ᠬᠡᠮᠵᠢᠬᠦ ᠴᠢᠬᠤᠯᠠ ᠬᠦᠢᠴᠡᠳᠭᠡᠬᠦ ᠲᠤᠭ᠎ᠠ ᠶᠢᠨ ᠨᠢᠭᠡ ᠨᠢ ᠪᠣᠯᠤᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠢᠷᠢ ᠬᠡᠮᠵᠢᠶ᠎ᠡ ᠶᠢ ᠬᠢᠨᠠᠨ ᠰᠢᠯᠭᠠᠬᠤ ᠴᠢᠬᠤᠯᠠ ᠭᠦᠶ᠋ᠴᠡᠳᠬᠡᠬᠦ ᠲᠤᠭ᠎ᠠ ᠪᠣᠯᠤᠨ᠎ᠠ᠃ | ᠡᠶᠢᠮᠦ ᠠᠴᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢᠳᠤᠨᠤᠨ ᠤ 6 ᠰᠠᠷ᠎ᠠ ᠠᠴᠠ | ᠡᠬᠢᠯᠡᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠬᠤ | ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠭᠰᠠᠨ ᠪᠥᠭᠡᠳ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠠᠶᠢᠨ᠎ᠠ | ᠃ ᠨᠢᠭᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠦᠢᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠲᠠᠩᠰᠠᠯᠠᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠲᠦᠭᠡᠮᠡᠯᠵᠢᠭᠦᠯᠬᠦ ᠶᠢᠨ ᠬᠠᠮᠲᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠲᠥᠷᠥ ᠶᠢᠨ ᠪᠣᠳᠣᠯᠭ᠎ᠠ ᠶᠢᠨ ᠡᠮᠬᠢᠳᠬᠡᠯ︾ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ︔ ᠬᠤᠶᠠᠷ ᠲᠤ | ᠦᠢᠯᠡᠴᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠮᠡᠷᠭᠡᠵᠢᠯ ᠤᠨ ᠭᠡᠷ᠎ᠡ ᠳᠠᠩᠰᠠᠯᠠᠬᠤ ᠬᠡᠪᠴᠢᠶ᠎ᠡ ᠶᠢ | ᠥᠷᠭᠡᠳᠬᠡᠵᠦ᠂ ᠪᠦᠬᠦ ᠬᠤᠲᠠ ᠶᠢᠨ ᠮᠡᠷᠭᠡᠵᠢᠯ ᠤᠨ ᠦᠢᠯᠡᠴᠢᠯᠡᠭᠡ ᠬᠢᠵᠦ ᠪᠠᠶᠢᠭ᠎ᠠ ᠠᠵᠤ ᠠᠬᠤᠶᠢᠯᠠᠯ᠂ ᠨᠢᠭᠡᠴᠡ ᠶᠢ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠬᠡᠪᠴᠢᠶᠡᠨ ᠳᠤ ᠪᠦᠬᠦ ᠲᠠᠯ᠎ᠠ ᠪᠠᠷ ᠣᠷᠣᠭᠤᠯᠵᠤ᠂ | ᠳᠠᠩᠰᠠᠯᠠᠬᠤ ᠬᠡᠪᠴᠢᠶ᠎ᠡ ᠨᠢ ᠤᠯᠠᠮᠵᠢᠯᠠᠯᠲᠤ ︽ᠳᠥᠷᠪᠡᠨ ᠮᠡᠷᠭᠡᠵᠢᠯ︾ ︵ᠮᠡᠷᠭᠡᠵᠢᠯ ᠰᠢᠯᠵᠢᠭᠦᠯᠦᠨ ᠥᠭᠬᠦ᠂ ᠮᠡᠷᠭᠡᠵᠢᠯ | ᠨᠡᠭᠡᠭᠡᠨ ᠬᠥᠭᠵᠢᠭᠦᠯᠬᠦ᠂ ᠮᠡᠷᠭᠡᠵᠢᠯ ᠤᠨ ᠦᠢᠯᠡᠴᠢᠯᠡᠭᠡ᠂ ᠮᠡᠷᠭᠡᠵᠢᠯ ᠤᠨ ᠵᠥᠪᠯᠡᠯᠭᠡ ᠥᠭᠬᠦ︶ ᠤᠨ ᠭᠡᠷ᠎ᠡ ᠠᠴᠠ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠬᠦᠷᠲᠡᠯ᠎ᠡ ᠥᠷᠭᠡᠳᠬᠡᠵᠦ᠂ ᠮᠡᠷᠭᠡᠵᠢᠯ ᠤᠨ ᠭᠡᠷ᠎ᠡ ᠶᠢ ᠳᠠᠩᠰᠠᠯᠠᠬᠤ | ᠴᠢᠬᠤᠯᠠ ᠨᠥᠬᠦᠴᠡᠯ ᠤᠨ ᠮᠠᠲ᠋ᠧᠷᠢᠶᠠᠯ ᠤᠨ ᠱᠠᠭᠠᠷᠳᠠᠯᠭ᠎ᠠ ᠳᠤ ᠨᠡᠶᠢᠴᠡᠭᠰᠡᠨ ᠮᠡᠷᠭᠡᠵᠢᠯ ᠤᠨ ᠭᠡᠷ᠎ᠡ ᠶᠢ ᠴᠥᠮ | ᠮᠡᠷᠭᠡᠵᠢᠯ ᠤᠨ ᠭᠡᠷ᠎ᠡ ᠶᠢᠨ ᠲᠠᠩᠰᠠᠯᠠᠯᠳᠠ ᠳᠤ ᠣᠷᠣᠭᠤᠯᠪᠡ︔ ᠭᠤᠷᠪᠠ ᠳᠤ ᠲᠤᠬᠠᠶᠢᠯᠠᠭᠰᠠᠨ ᠠᠵᠢᠯ ᠤᠨ | ᠬᠠᠮᠢᠶᠠᠷᠤᠯᠲᠠ ᠪᠠᠨ ᠴᠢᠩᠭᠠᠳᠬᠠᠵᠤ᠂ ᠮᠡᠷᠭᠡᠵᠢᠯ ᠤᠨ ᠭᠡᠷ᠎ᠡ ᠳᠠᠩᠰᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠤᠨ | ᠲᠠᠩᠰᠠᠯᠠᠬᠤ ᠶᠣᠰᠣᠲᠠᠶ ᠶᠢ ᠨᠢ ᠪᠦᠬᠦᠨ ᠢ ᠲᠠᠩᠰᠠᠯᠠᠵᠤ᠂ ᠨᠥᠬᠦᠪᠥᠷᠢᠯᠡᠪᠡᠰᠦ ᠵᠣᠬᠢᠬᠤ ᠶᠢ ᠨᠢ ᠪᠦᠬᠦᠨ ᠢ | ᠨᠥᠬᠦᠪᠥᠷᠢᠯᠡᠪᠡ᠃ | |