ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠲᠤᠬᠠᠶ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2020/10/15
     10 ᠰᠠᠷ᠎ᠠ ᠶᠢᠨ 14 ᠤ ᠡᠳᠦᠷ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠬᠤᠲᠠ ᠶᠢᠨ ᠨᠠᠮ ᠤᠨ ᠬᠤᠷᠢᠶᠠᠨ ᠤ ᠰᠣᠷᠭᠠᠭᠤᠯᠢ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠲᠠᠶᠢᠯᠤᠮᠵᠢ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠭᠴᠢ ᠦᠨᠡᠨ ︽ᠦᠨᠳᠦᠰᠦᠳᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ — ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠵᠢᠯᠣᠭᠤᠳᠣᠯᠭ᠎ᠠ ᠬᠢᠪᠠ᠃      ᠳ᠋ᠧᠩ ᠺᠠᠶ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠢᠷᠠᠭᠤ ᠠᠯᠳᠠᠷᠲᠤ ᠰᠡᠳᠬᠢᠯᠭᠡ ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠮ ᠤᠨ ᠦᠨᠳᠦᠰᠦᠲᠡᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠭᠤᠶᠢᠪᠢᠰᠢ ᠦᠭᠡᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠪᠠᠶᠢᠳᠠᠯ ᠢ ᠡᠷᠡᠰ ᠭᠤᠶᠢᠪᠢᠰᠢ ᠦᠭᠡᠢ ᠪᠠᠬᠢᠵᠢᠬᠦᠯᠦᠨ ᠬᠦᠭᠵᠢᠬᠦᠯᠬᠦ ᠬᠡᠷᠡᠭᠳᠡᠢ︔ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠯᠤᠰ ᠲᠥᠷᠥ ᠶᠢᠨ ᠲᠣᠭᠲᠠᠯ ᠬᠦᠴᠦᠨ ᠪᠠ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠪᠠ ᠤᠯᠤᠰ ᠣᠷᠣᠨ ᠤ ᠨᠢᠭᠡᠳᠦᠯ ᠢ ᠬᠠᠮᠠᠭᠠᠯᠠᠬᠤ ᠶᠢ ᠦᠨᠳᠦᠰᠦᠲᠡᠨ ᠨᠦᠭᠦᠳ ᠤᠨ ᠬᠠᠮᠤᠭ ᠤᠨ ᠲᠡᠭᠡᠲᠤ ᠠᠰᠢᠭ ᠲᠤᠰᠠ ᠪᠣᠯᠭᠠᠬᠤ ᠶᠢ ᠪᠠᠷᠢᠮᠲᠠᠯᠠᠬᠤ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠲᠠᠯ᠎ᠠ ᠨᠤᠲᠤᠭ ᠤᠨ ᠥᠬᠢᠳ ᠬᠥᠪᠡᠭᠦᠳ ᠤᠨ ᠨᠠᠮ ᠤᠨ ᠴᠢᠩ ᠦᠨᠡᠨᠴᠢ ᠬᠠᠶᠢᠷ᠎ᠠ ᠰᠡᠳᠬᠢᠯᠭᠡ ᠶᠢ ᠦᠢᠯᠡᠳᠦᠯᠭᠡ ᠶᠢᠨ ᠠᠵᠢᠯᠯᠠᠭ᠎ᠠ ᠳᠤ ᠠᠭᠤᠰᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠬᠡᠷᠡᠭᠲᠡᠢ︔ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠠᠵᠢᠯ ᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠲᠡᠭᠡᠲᠤ ᠢᠷᠠᠭᠤ ᠠᠯᠳᠠᠷ ᠢ ᠡᠷᠡᠰ ᠬᠠᠮᠠᠭᠠᠯᠠᠵᠤ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠡᠷᠡᠰ ᠬᠠᠮᠠᠭᠠᠯᠠᠵᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map