ᠬᠠᠶᠢᠨᠠᠨ ᠲᠣᠭᠤᠷᠢᠭ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠶᠢ | ᠭᠦᠨᠵᠡᠭᠡᠶ ᠥᠷᠨᠢᠭᠦᠯᠵᠦ᠂ ᠬᠠᠮᠢᠶ᠎ᠠ ᠪᠥᠬᠦᠢ ᠵᠠᠭᠤᠴᠢᠯᠠᠭᠤᠷ ᠢᠶᠠᠷ ᠳᠠᠮᠵᠢᠭᠤᠯᠤᠨ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠬᠢᠵᠠᠭᠠᠷᠯᠠᠬᠤ ᠮᠡᠳᠡᠯᠭᠡ᠂ ᠣᠬᠤᠷ ᠮᠡᠳᠡᠭᠡ 3.4 ᠲᠦᠮᠡ ᠭᠠᠷᠤᠶ ᠬᠤᠪᠢ ᠳᠠᠮᠵᠢᠭᠤᠯᠵᠤ᠂ 4 ᠲᠦᠮᠡ | ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 85 ᠲᠠᠯᠠᠪᠤᠷ ᠲᠠᠶᠢᠯᠤᠮᠵᠢ ᠬᠢᠵᠦ᠂ 6000 ᠭᠠᠷᠤᠶ | ᠬᠥᠮᠦᠨ ᠢ ᠬᠠᠮᠤᠷᠴᠤ᠂ ︽ᠭᠤᠷᠪᠠ ᠶᠢ ᠪᠠᠮᠡᠳᠡᠭᠦᠯᠵᠦ᠂ ᠭᠤᠷᠪᠠ ᠶᠢ ᠮᠡᠳᠡᠭᠦᠯᠬᠦ ᠥᠬᠡᠶ︾ ᠶᠢ ᠮᠡᠳᠡᠬᠦ ᠨᠣᠷᠮ᠎ᠠ | 95% ᠠᠴᠠ ᠳᠡᠭᠡᠭᠰᠢ ᠳᠤ ᠬᠦᠷᠭᠡᠪᠡ᠃ ᠰᠠᠷ᠎ᠠ ᠪᠦᠷᠢ ᠠᠳᠠᠭ ᠲᠠᠭᠠᠨ 2 ᠤᠳᠠᠭ᠎ᠠ ᠬᠤᠯᠤᠭᠠᠨ᠎ᠠ ᠶᠢᠨ ᠬᠢᠵᠢᠭ ᠢ | ᠪᠠᠶᠢᠴᠠᠭᠠᠵᠤ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠬᠢᠨᠠᠨ ᠪᠠᠶᠢᠴᠠᠭᠠᠭᠰᠠᠨ ᠬᠡᠪᠴᠢᠶ᠎ᠡ ᠨᠢ 1110 ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠤᠷᠲᠤ ᠰᠠᠪᠠᠷ ᠲᠠᠢ ᠡᠯᠡᠰᠦᠨ ᠬᠤᠯᠤᠭᠠᠨ᠎ᠠ᠂ ᠲᠠᠪᠤᠨ ᠬᠤᠷᠤᠭᠤ ᠲᠠᠢ | ᠮᠣᠳᠣᠨ ᠬᠤᠯᠤᠭᠠᠨ᠎ᠠ ᠵᠡᠷᠭᠡ ᠡᠯ᠎ᠡ ᠲᠥᠷᠥᠯ ᠤᠨ ᠬᠤᠯᠤᠭᠠᠨ᠎ᠠ 88 ᠶᠢ ᠪᠠᠷᠢᠵᠤ᠂ ᠪᠠᠶᠢᠴᠠᠭᠠᠯᠲᠠ ᠶᠢᠨ ᠦᠷ᠎ᠡ | ᠳ᠋ᠦᠩ ᠨᠢ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠦᠭᠡᠢ᠃ ᠡᠮᠨᠡᠯᠭᠡ ᠶᠢᠨ ᠬᠤᠷᠢᠶᠠᠨ ᠤ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠩ ᠤᠨ ᠡᠪᠡᠳᠴᠢᠨ ᠤ | ᠣᠷᠣᠨ ᠢ ᠪᠢᠲᠡᠭᠦᠮᠵᠢᠯᠡᠨ ᠥᠭᠡᠷᠡᠴᠢᠯᠡᠵᠦ᠂ 7 ᠲᠠᠰᠤᠯᠭ᠎ᠠ ᠲᠤᠰᠠᠭᠠᠷᠯᠠᠬᠤ ᠡᠪᠡᠳᠴᠢᠲᠡᠨ ᠤ ᠥᠷᠥᠭᠡ ᠭᠠᠷᠭᠠᠵᠤ᠂ | ᠤᠷᠢᠳᠴᠢᠯᠠᠨ ᠪᠠᠶᠢᠴᠠᠭᠠᠵᠣ ᠬᠤᠪᠢᠶᠠᠨ ᠣᠨᠣᠰᠢᠯᠠᠭᠰᠠᠨ ᠨᠢ 47 ᠲᠦᠮᠡᠨ ᠬᠥᠮᠦᠨ᠂ ᠬᠠᠯᠠᠭᠤᠷᠠᠯ ᠤᠨ ᠢᠯᠡᠷᠡᠯ ᠲᠠᠢ | 1213 ᠬᠥᠮᠦᠨ ᠢ ᠵᠢᠭᠰᠠᠭᠠᠨ ᠪᠠᠶᠢᠴᠠᠭᠠᠪᠠ᠃ |