︽ᠪᠦᠬᠦ ᠲᠠᠯ᠎ᠠ ᠪᠠᠷ ᠴᠢᠨᠡᠭᠡᠯᠢᠭᠵᠢᠬᠦ ᠰᠢᠢᠳᠪᠦᠷᠢᠲᠤ ᠠᠮᠵᠢᠯᠳᠠ ᠶᠢ ᠤᠯᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠰᠢᠢᠳᠪᠦᠷᠢᠲᠤ ᠢᠯᠠᠯᠲᠠ ᠶᠢ ᠲᠡᠮᠡᠴᠡᠨ ᠤᠯᠬᠤ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ︵ᠬᠤᠶᠠᠳᠤᠭᠠᠷ ᠲᠠᠯᠠᠪᠠᠢ︶ ᠶᠠᠪᠤᠭᠳᠠᠪᠠ
ᠨᠡᠶᠢᠲᠡᠯᠡᠭᠰᠡᠨ ᠴᠠᠭ᠄
2020/10/16
     10 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠲᠠ ︽ᠪᠦᠬᠦ ᠲᠠᠯ᠎ᠠ ᠪᠠᠷ ᠴᠢᠨᠡᠭᠡᠯᠢᠭᠵᠢᠬᠦ ᠰᠢᠢᠳᠪᠦᠷᠢᠲᠤ ᠠᠮᠵᠢᠯᠳᠠ ᠶᠢ ᠤᠯᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠰᠢᠢᠳᠪᠦᠷᠢᠲᠤ ᠢᠯᠠᠯᠲᠠ ᠶᠢ ᠲᠡᠮᠡᠴᠡᠨ ᠤᠯᠬᠤ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ︵ᠬᠤᠶᠠᠳᠣᠭᠠᠷ ᠲᠠᠯᠠᠪᠠᠢ︶ ᠡᠷᠭᠢᠯᠡᠵᠦ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠢ ᠤᠷᠢᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠭᠤᠣᠯ ᠰᠡᠳᠦᠪ ᠤᠳ ᠲᠣᠭᠤᠷᠢᠨ ᠳᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠣᠷ ᠲᠦᠪᠰᠢᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠠᠨᠢᠯᠴᠠᠭᠤᠯᠭ᠎ᠠ ᠬᠢᠬᠦ ᠶᠢᠨ ᠬᠠᠮᠲᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ︽ᠨᠢᠭᠡ ᠬᠡᠦᠬᠡᠳ ᠢ ᠴᠦ ᠶᠠᠳᠠᠭᠤ ᠬᠦᠴᠢᠷᠳᠡᠯ ᠠᠴᠠ ᠪᠣᠯᠵᠤ ᠰᠤᠷᠤᠯᠭ᠎ᠠ ᠠᠴᠠ ᠨᠢ ᠳᠣᠷᠭᠤᠨ ᠵᠣᠭᠰᠣᠬᠤ ᠦᠭᠡᠢ︾ ᠭᠡᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠲᠠ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢᠳ ᠲᠤ ᠴᠢᠭᠯᠡᠭᠦᠯᠦᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ 4 ᠰᠤᠷᠤᠯᠭ᠎ᠠ ᠶᠢᠨ ᠬᠡᠰᠡᠭ ᠲᠤ ᠬᠦᠷᠲᠡᠯ᠎ᠡ 6 ᠵᠦᠢᠯ ᠤᠨ ᠪᠦᠬᠦᠨ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠨᠢ ᠪᠠᠲᠤᠯᠠᠬᠤ ᠦᠷ᠎ᠡ ᠪᠦᠲᠦᠮᠵᠢ ᠶᠢ ᠦᠷᠬᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠰᠠᠯᠠᠮᠵᠢ ᠦᠵᠡᠭᠦᠯᠬᠦ ᠶᠢ ᠡᠷᠡᠰ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠪᠡ᠃ ᠣᠳᠣᠬᠠᠨ ᠳᠤ᠂ ᠪᠦᠬᠦ ᠬᠤᠲᠠ ᠶᠢᠨ ᠡᠯ᠎ᠡ ᠰᠤᠷᠭᠠᠨ ᠬᠥᠮᠦᠵᠢᠯ ᠤᠨ ᠱᠠᠳᠣᠨ ᠳᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠰᠤᠷᠤᠭᠴᠢ ᠨᠡᠶᠢᠲᠡ 82 ᠬᠥᠮᠦᠨ᠂ ᠡᠭᠦᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠣᠨ ᠳᠤ 41 ᠬᠥᠮᠦᠨ ᠪᠤᠢ᠂ 2020 ᠣᠨ ᠳᠤ᠂ ᠮᠠᠨ ᠤ ᠬᠤᠲᠠ ᠰᠣᠷᠣᠭᠴᠢᠳ ᠢ ᠨᠡᠶᠢᠲᠡ 9141 ᠬᠥᠮᠦᠨ ᠤᠳᠠᠭ᠎ᠠ ᠲᠤᠰᠠᠯᠠᠵᠤ᠂ ᠲᠤᠰᠠᠯᠠᠭᠰᠠᠨ ᠶᠡᠷᠦᠩᠬᠡᠢ ᠲᠤᠭ᠎ᠠ ᠨᠢ 835.595 ᠲᠦᠮᠡᠨ ᠲᠥᠭᠦᠷᠢᠭ ᠲᠤ ᠬᠦᠷᠴᠡᠢ᠃ ᠪᠣᠶ ᠪᠥᠬᠦᠶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠳᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠰᠤᠷᠤᠭᠴᠢᠳ ᠴᠥᠮ ᠰᠤᠷᠭᠠᠭᠤᠯᠢ ᠳᠤ ᠪᠠᠶᠢᠵᠤ᠂ ᠰᠤᠷᠤᠯᠭ᠎ᠠ ᠪᠠᠨ ᠳᠣᠷᠭᠤᠨ ᠵᠣᠭᠰᠣᠭᠰᠠᠨ᠂ ᠰᠤᠷᠤᠯᠭ᠎ᠠ ᠪᠠᠨ ᠠᠯᠳᠠᠭᠰᠠᠨ ᠪᠠᠶᠢᠳᠠᠯ ᠣᠷᠣᠰᠢᠵᠤ ᠪᠠᠶᠢᠬᠤ ᠦᠭᠡᠢ᠃      ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠪᠤᠯ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢᠨ ᠪᠡᠯᠭᠡ ᠲᠡᠮᠳᠡᠭ ᠤᠨ ᠴᠢᠨᠠᠷᠲᠠᠶ ᠵᠦᠢᠯ ᠪᠤᠯᠬᠤ ᠮᠦᠷᠳᠡᠭᠡᠨ ᠮᠥᠨ ᠴᠦ ᠭᠤᠤᠯ ᠬᠦᠢᠴᠡᠳᠭᠡᠯ ᠲᠤᠭ᠎ᠠ ᠪᠣᠯᠤᠨ᠎ᠠ᠃ 2018 ᠣᠨ ᠠᠴᠠ 2020 ᠣᠨ ᠪᠤᠯᠳᠠᠯ᠎ᠠ ᠮᠠᠨ ᠤ ᠬᠤᠲᠠ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠴᠢ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠨᠡᠶᠢᠲᠡ 214.5706 ᠲᠦᠮᠡᠨ ᠲᠥᠭᠦᠷᠢᠭ ᠤᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠨᠥᠬᠦᠪᠥᠷᠢ ᠪᠠᠯᠠ ᠮᠥᠩᠭᠦ ᠶᠢ ᠰᠢᠯᠵᠢᠭᠦᠯᠦᠨ ᠦᠭᠴᠦ᠂ 70 ᠡᠷᠦᠬᠡ ᠶᠢᠨ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠨᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠪᠡᠶᠡᠯᠡᠭᠦᠯᠵᠦ᠂ ᠡᠭᠦᠨ ᠳᠤ ᠲᠠᠩᠰᠠᠯᠠᠵᠤ ᠺᠠᠷᠲᠯᠠᠭᠰᠠᠨ 31 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠪᠡᠶᠡᠯᠡᠭᠦᠯᠪᠡ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠵᠦ᠂ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯ ᠲᠠᠢ ᠡᠷᠦᠬᠡ ᠶᠢᠨ ᠣᠷᠣᠨ ᠰᠠᠭᠤᠴᠠ ᠶᠢᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠣᠷᠣᠨ ᠰᠠᠭᠤᠴᠠ ᠶᠢᠨ ᠠᠮᠤᠷ ᠲᠦᠪᠰᠢᠨ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ᠃      ᠣᠣᠭᠤᠬᠤ ᠣᠰᠣᠨ ᠤ ᠠᠮᠤᠷ ᠲᠦᠪᠰᠢᠨ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠬᠤᠯᠪᠣᠭᠳᠠᠵᠤ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠤ ᠣᠣᠭᠤᠬᠤ ᠣᠰᠣᠨ ᠤ ᠠᠮᠤᠷ ᠲᠦᠪᠰᠢᠨ ᠤ ᠠᠵᠢᠯ ᠳᠤ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠣᠣᠭᠤᠬᠤ ᠣᠰᠣᠨ ᠤ ᠠᠮᠤᠷ ᠲᠦᠪᠰᠢᠨ ᠪᠤᠰᠤ ᠠᠰᠠᠭᠤᠳᠠᠯ ᠢ ᠴᠢᠨᠡᠭᠡᠯᠢᠭ ᠨᠡᠶᠢᠭᠡᠮ ᠳᠤ ᠠᠪᠴᠤ ᠣᠷᠣᠵᠤ ᠪᠣᠯᠬᠤ ᠦᠭᠡᠢ ᠭᠡᠵᠦ ᠴᠢᠬᠤᠯᠠᠴᠢᠯᠠᠪᠠ᠃ 2018 ᠣᠨ ᠠᠴᠠ 2020 ᠣᠨ ᠪᠣᠯᠲᠠᠯ᠎ᠠ᠂ ᠮᠠᠨ ᠤ ᠬᠤᠲᠠ ᠡᠯ᠎ᠡ ᠲᠥᠷᠥᠯ ᠤᠨ ᠳᠡᠭᠡᠳᠦ ᠱᠠᠲᠤᠨ ᠤ ᠪᠡᠯᠡ ᠮᠥᠩᠭᠦ ᠶᠢ 5490 ᠲᠦᠮᠡᠨ ᠲᠥᠭᠦᠷᠢᠭ ᠣᠯᠵᠤ᠂ ᠲᠠᠷᠢᠶᠠᠯᠠᠬᠤ ᠣᠷᠣᠨ ᠤ ᠤᠤᠭᠤᠬᠤ ᠤᠰᠤ ᠶᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ᠂ ᠭᠠᠰᠢᠭᠤᠨ ᠱᠣᠷᠪᠣᠭ ᠤᠰᠤ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠤ᠂ ᠡᠭᠦᠨ ᠤ ᠬᠠᠮᠲᠤ ᠬᠡᠰᠡᠭ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠰᠤᠨ ᠬᠥᠭᠡᠷᠭᠡ᠂ ᠬᠤᠭᠤᠯᠠᠶ ᠲᠣᠤᠷ ᠵᠡᠷᠭᠡ ᠶᠢ ᠴᠠᠭ ᠲᠤᠨᠢ ᠳᠣᠭᠢᠷᠠᠭᠤᠯᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠳᠣᠬᠠᠨ ᠳᠤ᠂ ᠨᠢᠭᠡᠨᠲᠡ 35 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠭᠤᠯᠵᠤ᠂ ︽ᠤᠰᠤᠨ ᠤ ᠬᠡᠮᠵᠢᠶ᠎ᠡ᠂ ᠤᠰᠤᠨ ᠤ ᠴᠢᠨᠠᠷ᠂ ᠤᠰᠤ ᠬᠠᠩᠭᠠᠬᠤ ᠳᠤ ᠳᠥᠭᠦᠮ ᠦᠵᠡᠭᠦᠯᠬᠦ ᠬᠡᠮᠵᠢᠶ᠎ᠡ ᠪᠣᠯᠤᠨ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ︾ ᠵᠡᠷᠭᠡ 4 ᠵᠦᠢᠯ ᠤᠨ ᠬᠦᠢᠴᠡᠳᠭᠡᠯ ᠲᠤᠭ᠎ᠠ ᠶᠢ ᠴᠥᠮ ᠪᠠᠷᠢᠮᠵᠢᠶ᠎ᠠ ᠳᠤ ᠬᠦᠷᠦᠭᠦᠯᠵᠤ᠂ 198484 ᠬᠥᠮᠦᠨ ᠠᠰᠢᠭ ᠬᠦᠷᠲᠡᠪᠡ᠃ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠦᠬᠦᠨ ᠢ ᠪᠦᠷᠬᠦᠬᠦᠯᠬᠦ ᠪᠠ ︽ᠤᠰᠤᠨ ᠭᠤᠭᠤᠵᠢᠭᠤᠷ ᠢ ᠭᠡᠷ ᠲᠤᠨᠢ ᠬᠦᠷᠭᠡᠬᠦ︾ ᠶᠢ ᠪᠡᠶᠡᠯᠡᠭᠦᠯᠪᠡ᠃ ᠢᠷᠡᠬᠦ ᠲᠠᠪᠤᠨ ᠵᠢᠯ ᠳᠤ᠂ ᠮᠠᠨ ᠤ ᠬᠤᠲᠠ ᠪᠠᠰᠠ ᠬᠤᠭᠤᠯᠠᠢ ᠲᠣᠣᠷ ᠢ ᠤᠷᠲᠤᠳᠬᠠᠬᠤ ᠢᠨᠵᠧᠨᠧᠷᠢᠩ ᠢ ᠤᠯᠠᠮ ᠨᠢᠭᠡ ᠠᠯᠬᠤᠮ ᠬᠡᠷᠡᠭᠵᠢᠬᠦᠯᠵᠦ᠂ ᠲᠠᠷᠢᠶᠠᠯᠠᠬᠤ ᠣᠷᠣᠨ ᠤ ᠤᠰᠤ ᠬᠠᠩᠭᠠᠬᠤ ᠪᠠ ᠬᠤᠲᠠ ᠶᠢᠨ ᠬᠤᠭᠤᠯᠠᠶ ᠲᠣᠤᠷ ᠢ ᠬᠤᠯᠪᠣᠨ ᠨᠡᠪᠲᠡᠷᠡᠭᠦᠯᠬᠦ ᠶᠢ ᠠᠬᠢᠭᠤᠯᠵᠤ᠂ ᠡᠴᠦᠰ ᠲᠡᠭᠡᠨ ᠲᠠᠷᠢᠶᠠᠯᠠᠬᠤ ᠣᠷᠣᠨ ᠤ ᠤᠰᠤ ᠬᠠᠩᠭᠠᠬᠤ ᠪᠠᠷᠢᠮᠵᠢᠶ᠎ᠠ ᠶᠢ ᠬᠤᠲᠠ ᠶᠢᠨ ᠤᠰᠤ ᠬᠠᠩᠭᠠᠬᠤ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ᠃     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ᠂ ︽ᠡᠪᠡᠳᠴᠢᠨ ᠠᠴᠠ ᠪᠤᠯᠵᠤ ᠶᠠᠳᠠᠭᠤᠷᠠᠬᠤ︾ ︽ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ︾ ᠨᠢ ᠨᠢᠭᠡᠨᠲᠡ ᠭᠤᠣᠯᠳᠠᠯᠭ᠎ᠠ ᠪᠠ ᠡᠪᠡᠷᠰᠢᠶᠡᠯ ᠪᠣᠯᠪᠠ᠃ ᠮᠠᠨ ᠤ ᠬᠤᠲᠠ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠲᠠᠢ ᠪᠠᠶᠢᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ︽ᠡᠪᠡᠳᠴᠢᠨ ᠢᠶᠠᠨ ᠦᠵᠡᠭᠦᠯᠵᠦ ᠳᠡᠶᠢᠯᠬᠦ᠂ ᠡᠪᠡᠳᠴᠢᠨ ᠢᠶᠠᠨ ᠰᠠᠶᠢᠲᠤᠷ ᠦᠵᠡᠬᠦᠯᠬᠦ᠂ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ᠂ ᠴᠥᠭᠡᠨ ᠡᠪᠡᠳᠴᠢᠯᠡᠬᠦ︾ ᠠᠵᠢᠯ ᠤᠨ ᠬᠠᠷᠠᠯᠲᠠ ᠶᠢᠨ ᠲᠤᠭᠤᠷᠢᠨ ᠳᠤ᠂ ︽ᠨᠢᠭᠡ ᠳᠡᠭᠡᠭᠰᠢᠯᠡᠭᠦᠯᠵᠦ ᠨᠢᠭᠡ ᠪᠠᠭᠤᠷᠠᠭᠤᠯᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠡᠪᠡᠳᠴᠢᠨ ᠠᠴᠠ ᠪᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠴᠥᠮ ᠪᠦᠲᠦᠮᠵᠢᠲᠡᠶ ᠡᠮᠨᠡᠨ ᠵᠠᠰᠠᠵᠤ᠂ ᠡᠷᠡᠭᠦᠯ ᠮᠡᠨᠲᠤ ᠪᠠᠷ ᠶᠠᠳᠠᠭᠤ ᠶᠢ ᠲᠡᠳᠬᠦᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ ᠃ ᠡᠨᠡ ᠵᠢᠯ᠂ ᠮᠠᠨ ᠤ ᠬᠤᠲᠠ ᠶᠢᠨ 202 ᠡᠷᠦᠬᠡ ᠲᠠᠩᠰᠠᠯᠠᠵᠤ ᠺᠠᠷᠲᠯᠠᠭᠰᠠᠨ 471 ᠬᠦᠮᠦᠨ ᠴᠥᠮ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠪᠠ᠂ ᠡᠭᠦᠨ ᠳᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠳᠠᠩᠰᠠᠯᠠᠵᠤ ᠺᠠᠷᠲᠯᠠᠭᠰᠠᠨ ᠬᠥᠮᠦᠰ ᠢ ᠬᠤᠲᠠ ᠶᠢᠨ ᠡᠳ᠋ ᠤᠨ ᠵᠠᠰᠠᠭ ᠠᠴᠠ ᠪᠦᠬᠦ ᠲᠤᠭ᠎ᠠ ᠪᠠᠷ ᠨᠢ ᠲᠤᠰᠠᠯᠠᠨ ᠳᠠᠭᠠᠳᠬᠠᠯ ᠳᠤ ᠣᠷᠣᠯᠴᠠᠭᠤᠯᠵᠤ᠂ ᠨᠡᠶᠢᠲᠡ 15.88 ᠲᠦᠮᠡᠨ ᠲᠥᠭᠦᠷᠢᠭ ᠲᠤᠰᠠᠯᠠᠪᠠ᠃ 1 — 9 ᠰᠠᠷ᠎ᠠ ᠳᠤ᠂ ᠮᠠᠨ ᠤ ᠬᠤᠲᠠ ᠶᠢᠨ ᠲᠠᠩᠰᠠᠯᠠᠵᠤ ᠺᠠᠷᠲᠯᠠᠭᠰᠠᠨ ᠬᠦᠮᠦᠰ ᠨᠡᠶᠢᠲᠡ 1075 ᠬᠥᠮᠦᠨ ᠤᠳᠠᠭ᠎ᠠ ᠡᠮ ᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠵᠦ᠂ 78.8 ᠲᠦᠮᠡᠨ ᠲᠥᠭᠦᠷᠢᠭ ᠤᠨ ᠳᠠᠩᠰᠠ ᠲᠠᠶᠢᠯᠵᠤ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ 5.67 ᠲᠦᠮᠡᠨ ᠲᠥᠭᠦᠷᠢᠭ ᠬᠥᠩᠭᠡᠷᠡᠭᠦᠯᠪᠡ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠤᠬᠠᠶ ᠲᠥᠷᠥ ᠶᠢᠨ ᠪᠣᠳᠣᠯᠭ᠎ᠠ ᠳᠤ ᠨᠡᠶᠢᠴᠡᠬᠦ 107 ᠨᠡᠷᠡᠰ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠪᠡᠳᠴᠢᠲᠡᠨ ᠢ ᠴᠦ ᠴᠥᠮ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map