︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠳᠤ ᠪᠢ ᠣᠷᠣᠯᠴᠠᠶ᠎ᠠ︾ 2020 ᠣᠨ ᠤ ᠪᠦᠬᠦ ᠬᠤᠳᠠ ᠶᠢᠨ ᠤᠯᠠᠨ ᠲᠦᠮᠡᠨ ᠤ ᠨᠠᠶᠢᠷᠠᠯ ᠳᠠᠭᠤᠤ ᠶᠢᠨ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2020/10/16
     ᠱᠢ ᠸᠠᠨ ᠵᠢᠶᠦ᠋ᠨ  ᠲᠠᠩ ᠢ   ᠬᠠᠨ ᠬᠦᠸᠧ ᠦ᠋  ᠸᠠᠩ ᠸᠧᠨ ᠵᠢᠶᠧ ᠨᠡᠷ ᠲᠣᠭᠯᠠᠯᠲᠠ ᠶᠢ ᠰᠣᠨᠢᠷᠬᠠᠪᠠ᠃      ᠮᠠᠨ ᠤ ᠬᠤᠲᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠪᠦᠬᠦ ᠬᠤᠲᠠ ᠶᠢᠨ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠮᠠᠨ ᠤ ᠬᠤᠲᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠪᠣᠯᠤᠨ ᠭᠢᠯᠠᠰ ᠴᠡᠭ ᠢ ᠬᠦᠢᠴᠡᠳ ᠬᠠᠷᠠᠭᠤᠯᠵᠤ᠂ ᠰᠢᠨ᠎ᠡ ᠴᠠᠭ ᠦᠶ᠎ᠡ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠪᠣᠯᠤᠨ ᠠᠷᠠᠳ ᠣᠯᠠᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠦᠯᠦᠬᠡ᠂ 10 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠤᠲᠠ ᠶᠢᠨ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠬᠤᠲᠠ ᠶᠢᠨ ᠣᠯᠠᠨ ᠲᠦᠮᠡᠨ ᠤ ᠣᠷᠠᠯᠢᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠳᠤ ᠪᠢ ᠣᠷᠣᠯᠴᠠᠶ᠎ᠠ︾ 2020 ᠣᠨ ᠤ ᠪᠦᠬᠦ ᠬᠤᠳᠠ ᠶᠢᠨ ᠤᠯᠠᠨ ᠲᠦᠮᠡᠨ ᠤ ᠨᠠᠶᠢᠷᠠᠯ ᠳᠠᠭᠤᠤ ᠶᠢᠨ ᠲᠣᠭᠯᠠᠯᠲᠠ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠲᠣᠭᠯᠠᠯᠲᠠ ᠶᠢ ᠰᠣᠨᠢᠷᠬᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠭᠰᠠᠨ ᠪᠥᠭᠡᠳ ᠬᠠᠮᠤᠭ ᠤᠨ ᠰᠠᠶᠢᠨ ᠳᠠᠭᠤᠯᠠᠭᠰᠠᠨ ᠱᠠᠩᠨᠠᠯ᠂ ᠬᠠᠮᠤᠭ ᠤᠨ ᠰᠠᠶᠢᠨ ᠴᠤᠭ ᠵᠢᠪᠬᠤᠭ᠎ᠠ ᠶᠢᠨ ᠱᠠᠩᠨᠠᠯ ᠪᠠ ᠪᠣᠯᠪᠠᠰᠤᠨ ᠬᠡᠪ ᠰᠤᠷᠲᠠᠯ ᠤᠨ ᠱᠠᠩᠨᠠᠯ ᠭᠥᠷᠳᠡᠭᠰᠡᠨ ᠬᠡᠰᠡᠭ ᠨᠠᠶᠢᠷᠠᠯ ᠳᠠᠭᠤᠤ ᠶᠢᠨ ᠪᠦᠯᠬᠦᠮ ᠳᠤ ᠱᠠᠩᠨᠠᠯ ᠭᠠᠷᠳᠠᠭᠤᠯᠪᠠ᠃      ᠲᠤᠰ ᠡᠳᠦᠷ᠂ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠤ ᠲᠢᠶᠠᠲᠷ ᠲᠤ ᠬᠤᠭᠤᠰᠣᠨ ᠰᠠᠭᠤᠳᠠᠯ ᠥᠬᠡᠶ᠂ ᠳᠠᠭᠤᠤ ᠬᠠᠩᠭᠢᠨᠠᠮ᠎ᠠ᠂ ᠠᠯᠠᠭ᠎ᠠ ᠲᠠᠰᠢᠬᠤ ᠲᠠᠭᠤᠨ ᠨᠢᠵᠢᠭᠢᠨᠡᠨ᠎ᠡ᠃ ᠲᠣᠭᠯᠠᠯᠲᠠ ᠶᠢ ᠬᠤᠶᠠᠷ ᠲᠠᠯᠠᠪᠠᠶ ᠬᠤᠪᠢᠶᠠᠨ ᠡᠷᠭᠢᠯᠡᠵᠦ᠂ ᠦᠳᠡ ᠶᠢᠨ ᠡᠮᠦᠨ᠎ᠡ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠳᠤᠭᠤᠶᠢᠯᠠᠩ︾᠂ ᠦᠳᠡ ᠶᠢᠨ ᠬᠤᠶᠢᠨ᠎ᠠ ︽ᠠᠵᠤ ᠠᠬᠤᠶᠢᠯᠠᠯ ᠨᠡᠶᠢᠭᠡᠮ ᠤᠨ ᠪᠦᠯᠬᠦᠮ ᠤᠨ ᠳᠤᠭᠤᠶᠢᠯᠠᠩ︾ ᠪᠤᠯᠤᠨ᠎ᠠ᠃ ᠪᠦᠬᠦ ᠬᠤᠲᠠ ᠶᠢᠨ 26 ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠪᠦᠯᠬᠦᠮ ᠠᠴᠠ ᠢᠷᠡᠭᠰᠡᠨ ᠨᠠᠶᠢᠷᠠᠯ ᠳᠠᠭᠤᠤ ᠶᠢᠨ ᠪᠦᠯᠬᠦᠮ ᠬᠠᠩᠭᠢᠨᠠᠮ᠎ᠠ ᠰᠠᠶᠢᠬᠠᠨ ᠳᠠᠭᠤᠯᠠᠯ ᠤᠨ ᠬᠥᠭ ᠠᠶᠠᠰ ᠢᠶᠠᠷ 52 ᠨᠠᠷᠢᠨ ᠨᠢᠮᠪᠠᠶ ᠨᠠᠶᠢᠷᠠᠭᠤᠯᠤᠭᠰᠠᠨ ᠨᠠᠶᠢᠷᠠᠯ ᠳᠠᠭᠤᠤ ᠳᠠᠭᠤᠯᠠᠵᠠᠶ᠃      ᠴᠢᠩ ᠦᠨᠡᠨᠴᠢ ᠰᠡᠳᠬᠢᠯᠭᠡ ᠲᠠᠢ ︽ᠠᠷᠠᠳ ᠲᠦᠮᠡᠨ ᠤ ᠳᠤᠮᠳᠠ ᠣᠴᠢᠶ᠎ᠠ︾ ︽ᠪᠠᠭᠠᠲᠤᠷᠴᠤᠳ ᠲᠤ ᠵᠣᠷᠢᠭᠤᠯᠤᠭᠰᠠᠨ︾᠂ ᠣᠷᠭᠢᠯᠤᠮ᠎ᠠ ᠬᠠᠯᠠᠭᠤᠨ ᠰᠡᠳᠭᠢᠯᠭᠡ ᠲᠠᠢ ︽ᠲᠤᠮᠳᠠᠲᠤ ᠤᠯᠤᠰ ᠰᠢᠨ᠎ᠡ ᠴᠠᠭ ᠦᠶ᠎ᠡ ᠳᠤ ᠣᠷᠣᠪᠠ︾᠂ ᠣᠶᠠᠷᠠᠭᠤᠯᠤᠮ᠎ᠠ ᠰᠠᠶᠢᠬᠠᠨ ᠬᠦᠭ ᠠᠶᠠᠰ ᠲᠠᠢ ︽ᠤᠬ ᠰᠠᠨᠠᠭ᠎ᠠ ᠪᠠᠨ ᠦᠯᠦ ᠮᠠᠷᠲᠠᠶ᠎ᠠ︾᠂ ᠬᠦᠷ ᠬᠦᠭᠵᠢᠶᠡᠨ ᠢᠶᠠᠷ ᠪᠢᠯᠬᠠᠭᠰᠠᠨ ︽ᠡᠬᠡ ᠤᠯᠤᠰ ᠤᠨ ᠮᠠᠭᠲᠠᠭᠠᠯ︾ ︽ᠮᠠᠨ ᠤ ᠠᠵᠢᠯᠴᠢᠨ ᠬᠦᠴᠦᠨ ᠴᠢᠳᠠᠯ ᠲᠠᠢ︾ ᠭᠡᠬᠦ ᠵᠡᠷᠭᠡ ᠬᠥᠮᠦᠨ ᠤ ᠪᠠᠭ᠋ᠠᠷᠬᠠᠯ ᠢ ᠲᠠᠲᠠᠭᠰᠠᠨ ᠳᠠᠭᠤᠤ ᠨᠤᠭᠤᠳ ᠨᠢ ᠦᠵᠡᠭᠴᠢᠳ ᠲᠤ ᠥᠩᠭᠡ ᠢᠯᠭᠠᠷᠠᠮ᠎ᠠ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠦᠪᠡᠳᠡᠭᠰᠢ ᠨᠠᠶᠢᠷ ᠠᠪᠴᠢᠷᠠᠵᠠᠶ᠃      ᠦᠵᠡᠭᠦᠯᠦᠯᠭᠡ ᠶᠢᠨ ᠲᠣᠭᠯᠠᠯᠲᠠ ᠨᠢ ᠬᠠᠮᠤᠭ ᠰᠢᠯᠢᠳᠡᠭ ᠳᠠᠭᠤᠤ ᠶᠢᠨ ᠱᠠᠩᠨᠠᠯ ᠳᠤ 6 ᠨᠡᠷᠡᠰ᠂ ᠬᠠᠮᠤᠭ ᠰᠢᠯᠢᠳᠡᠭ ᠴᠤᠭ ᠵᠢᠪᠬᠤᠭ᠎ᠠ ᠶᠢᠨ ᠱᠠᠩᠨᠠᠯ ᠳᠤ 6 ᠨᠡᠷᠡᠰ᠂ ᠪᠣᠯᠪᠠᠰᠤᠨ ᠬᠡᠪ ᠨᠠᠮᠪᠠ ᠶᠢᠨ ᠱᠠᠩᠨᠠᠯ ᠳᠤ 6 ᠨᠡᠷᠡᠰ᠂ ᠰᠢᠯᠢᠳᠡᠭ ᠱᠠᠩᠨᠠᠯ ᠳᠤ 8 ᠨᠡᠷᠡᠰ ᠰᠢᠯᠭᠠᠷᠠᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠬᠤᠯᠪᠤᠭᠳᠠᠯ ᠪᠦᠬᠦᠢ ᠤᠳᠤᠷᠢᠳᠤᠯᠭ᠎ᠠ ᠦᠵᠡᠭᠦᠯᠭᠡ ᠳᠤ ᠣᠷᠣᠯᠴᠠᠬᠤ ᠶᠢᠨ ᠬᠠᠮᠲᠤ ᠲᠣᠭᠯᠠᠯᠲᠠ ᠶᠢ ᠰᠣᠨᠢᠷᠬᠠᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map