ᠳᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠤᠲᠠ ᠶᠢᠨ ᠠᠮᠢ ᠠᠬᠤᠢ ᠶᠢᠨ ᠤᠰᠤᠨ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/16
     10 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠠᠶᠢᠷᠤᠪ ᠤᠨ ᠲᠣᠬᠤᠶ ᠲᠣᠭᠤᠷᠢᠭ ᠲᠤ ᠭᠦᠨᠵᠡᠭᠡᠶᠢᠷᠡᠨ ᠬᠤᠲᠠ ᠶᠢᠨ ᠠᠮᠢ ᠠᠬᠤᠶ ᠶᠢᠨ ᠤᠰᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠭᠠᠵᠠᠷ ᠣᠷᠣᠨ ᠤ ᠲᠥᠷᠥᠯᠬᠢ ᠠᠪᠢᠶᠠᠰ ᠲᠤ ᠰᠠᠭᠤᠷᠢᠯᠠᠨ᠂ ᠣᠷᠣᠨ ᠨᠤᠲᠤᠭ ᠤᠨ ᠣᠨᠴᠠᠯᠢᠭ ᠢᠶᠠᠨ ᠳᠣᠪᠤᠶᠢᠯᠭᠠᠵᠤ᠂ ᠬᠤᠲᠠ ᠶᠢᠨ ᠤᠰᠤᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠵᠦ᠂ ᠬᠠᠮᠤᠭ ᠤᠨ ᠶᠡᠭᠡ ᠬᠡᠮᠵᠢᠶ᠎ᠡ ᠪᠠᠷ ︽ᠤᠰᠤᠨ︾ ᠤ ᠠᠵᠢᠯ ᠢ ᠰᠠᠶᠢᠲᠤᠷ ᠬᠢᠵᠦ᠂ ᠬᠤᠲᠠ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠤᠲᠠ ᠶᠢᠨ ᠥᠩᠭᠡ ᠵᠢᠰᠦ ᠶᠢ ᠰᠢᠨᠡᠳᠭᠡᠵᠦ᠂ ᠬᠤᠲᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠳᠡᠢ ᠬᠡᠵᠡᠢ᠃      ᠲᠠᠩ ᠢ ᠤᠷᠢᠳ ᠬᠤᠵᠢᠳ ᠭᠠᠨᠳᠠᠷᠢ ᠭᠤᠤᠯ᠂ ᠬᠤᠲᠠ ᠶᠢᠨ ᠤᠰᠤᠨ ᠰᠢᠰᠲ᠋ᠧᠮ ᠤᠨ 3 ᠳ᠋ᠤᠭᠠᠷ ᠪᠠ 4 ᠳ᠋ᠣᠭᠡᠷ ᠴᠡᠴᠡᠷᠯᠢᠭ᠂ ᠯᠦᠩ ᠶᠢᠦ ᠸᠠᠨ ᠨᠤᠭᠤ ᠭᠠᠵᠠᠷ ᠤᠨ ᠴᠡᠴᠡᠷᠯᠢᠭ ᠵᠡᠷᠭᠡ ᠭᠠᠵᠠᠷ ᠲᠤ ᠬᠦᠷᠴᠦ᠂ ᠡᠯ᠎ᠡ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠬᠤᠲᠠ ᠶᠢᠨ ᠬᠤᠲᠠ ᠶᠢᠨ ᠠᠮᠢ ᠠᠬᠤᠢ ᠶᠢᠨ ᠤᠰᠤᠨ ᠰᠢᠰᠲ᠋ᠧᠮ ᠤᠨ ᠲᠦᠯᠦᠪᠵᠢᠬᠦᠯᠭᠡ ᠶᠢᠨ ᠪᠠᠶᠢᠷᠢᠰᠢᠭᠤᠯᠤᠯᠲᠠ᠂ ᠤᠰᠤᠨ ᠤ ᠰᠤᠷᠪᠤᠯᠵᠢ ᠶᠢᠨ ᠪᠠᠲᠤᠯᠠᠭ᠎ᠠ᠂ ᠴᠢᠳᠠᠪᠬᠢ ᠦᠢᠯᠡᠳᠦᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠳᠠᠩ ᠢ ᠵᠢᠭᠠᠵᠤ ᠭᠠᠷᠭᠠᠭᠰᠠᠨ ᠨᠢ᠂ ᠤᠰᠤᠨ ᠰᠢᠰᠲ᠋ᠧᠮ ᠤᠨ ᠪᠠᠶᠢᠭᠤᠯᠤᠯᠲᠠ ᠪᠣᠯ ᠠᠮᠢ ᠠᠬᠤᠶ ᠶᠢᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠬᠤ ᠪᠥᠭᠡᠳ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠠᠮᠢ ᠠᠬᠤᠶ ᠶᠢᠨ ᠢᠨᠵᠧᠨᠧᠷᠢᠩ ᠪᠣᠯᠤᠨ᠎ᠠ᠃ ᠮᠥᠨ ᠴᠦ ᠠᠷᠠᠳ ᠣᠯᠠᠨ ᠳᠤ ᠪᠤᠶᠠᠨ ᠦᠢᠯᠡᠳᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠡᠳᠬᠢᠴᠡ ᠪᠠᠨ ᠥᠷᠭᠡᠳᠬᠡᠵᠦ᠂ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠤᠰᠤ ᠪᠠᠷ ︽ᠰᠦᠭ ᠰᠦᠨᠡᠰᠦ︾ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠤᠰᠤᠨ ᠰᠢᠰᠲ᠋ᠧᠮ ᠤᠨ ᠲᠦᠯᠦᠪᠵᠢᠬᠦᠯᠭᠡ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠠᠮᠢ ᠠᠬᠤᠢ ᠶᠢᠨ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠦᠨᠡᠨ ᠬᠦ ᠰᠠᠶᠢᠲᠤᠷ ᠨᠡᠭᠡᠭᠡᠨ ᠬᠥᠭᠵᠢᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠵᠤ᠂ ︽ᠤᠰᠤ ᠨᠢ ᠬᠤᠲᠠ ᠳᠤ᠂ ᠬᠤᠲᠠ ᠨᠢ ᠤᠰᠤᠨ ᠳᠤ᠂ ᠤᠰᠤᠨ ᠳᠤ ᠲᠦᠰᠢᠭᠯᠡᠨ ᠰᠠᠭᠤᠷᠢᠰᠢᠬᠤ︾ ᠬᠤᠲᠠ ᠶᠢᠨ ᠪᠠᠶᠢᠷᠢᠰᠢᠯ ᠢ ᠢᠳᠡᠪᠬᠢᠲᠡᠶ ᠪᠠᠶᠢᠭᠤᠯᠬᠤ ᠬᠡᠷᠡᠭᠳᠡᠢ︔ ᠣᠳᠣᠬᠠᠨ ᠤ ᠤᠰᠤᠨ ᠠᠰᠢᠭᠯᠠᠯᠲᠠ ᠶᠢᠨ ᠣᠳᠣᠬᠢ ᠪᠠᠶᠢᠳᠠᠯ ᠢ ᠦᠨᠳᠦᠰᠦᠯᠡᠨ᠂ ᠵᠦᠶ ᠵᠣᠬᠢᠰᠲᠠᠶ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠬᠠᠳᠤᠨ ᠭᠤᠣᠯ ᠤᠨ ᠤᠰᠤ ᠲᠠᠲᠠᠷᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠬᠤ ᠬᠡᠷᠡᠭᠳᠡᠢ︔ ᠪᠣᠷᠣᠭᠠᠨ ᠦᠶᠡᠷ ᠤᠨ ᠡᠬᠢ ᠪᠠᠶᠠᠯᠢᠭ ᠢ ᠢᠳᠡᠪᠬᠢᠲᠡᠢ ᠬᠠᠰᠢᠨ ᠬᠠᠳᠠᠭᠠᠯᠠᠵᠤ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠤᠰᠤ ᠠᠷᠪᠢᠨ ᠬᠠᠳᠠᠭᠠᠯᠠᠵᠤ᠂ ᠤᠰᠤ ᠰᠠᠶᠢᠲᠤᠷ ᠬᠠᠳᠠᠭᠠᠯᠠᠵᠤ᠂ ᠦᠢᠯᠡᠳᠪᠦᠷᠢᠯᠡᠯ ᠠᠮᠢᠳᠤᠷᠠᠯ ᠪᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠤᠰᠤᠨ ᠤ ᠡᠬᠢ ᠰᠣᠷᠪᠤᠯᠵᠢ ᠶᠢ ᠨᠥᠭᠡᠴᠡᠯᠡᠬᠦ ᠬᠡᠷᠡᠭᠲᠡᠶ︔ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠰᠢᠭᠤᠯᠬᠤ ᠶᠢ ᠪᠠᠷᠢᠮᠲᠠᠯᠠᠵᠤ᠂ ᠤᠰᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠣᠯᠤᠨ ᠴᠡᠴᠡᠷᠯᠢᠭ ᠤᠨ ᠦᠵᠡᠮᠵᠢ ᠶᠢ ᠣᠷᠭᠠᠨᠢᠭ ᠢᠶᠠᠷ ᠤᠶᠠᠯᠳᠣᠭᠤᠯᠵᠣ᠂ ᠬᠤᠲᠠ ᠶᠢᠨ ᠤᠰᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠣᠯᠤᠨ ᠴᠡᠴᠡᠷᠯᠢᠭ ᠤᠨ ᠨᠣᠭᠤᠭᠠᠷᠠᠭᠤᠯᠤᠯᠳᠠ ᠶᠢᠨ ᠠᠵᠢᠯ ᠢᠶᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠦᠵᠡᠮᠵᠢ ᠶᠢᠨ ᠳᠡᠰ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠴᠢᠨᠠᠷ ᠳᠡᠰ ᠢᠶᠠᠨ ᠳᠡᠭᠡᠭᠰᠢᠯᠡᠭᠦᠯᠬᠦ ᠬᠡᠷᠡᠭᠲᠡᠶ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠰᠤᠨ ᠰᠢᠰᠲ᠋ᠧᠮ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠪᠠᠨ ᠨᠠᠷᠢᠨ ᠨᠢᠮᠪᠠᠶ ᠬᠢᠵᠦ᠂ ᠬᠥᠮᠦᠨ ᠤᠰᠤ ᠡᠶ᠎ᠡ ᠵᠣᠬᠢᠴᠠᠯ ᠲᠠᠢ ᠬᠠᠮᠲᠤ ᠣᠷᠣᠰᠢᠬᠤ ᠠᠮᠢ ᠠᠬᠤᠶ ᠶᠢᠨ ᠣᠷᠴᠢᠨ ᠲᠣᠭᠤᠷᠢᠨ ᠢ ᠪᠠᠶᠢᠭᠤᠯᠵᠤ᠂ ᠤᠰᠤᠨ ᠤ ᠰᠢᠰᠲ᠋ᠧᠮ ᠤᠨ ᠦᠵᠡᠰᠬᠦᠯᠡᠩᠲᠦ ᠰᠠᠶᠢᠬᠠᠨ ᠠᠮᠢ ᠠᠬᠤᠶ ᠶᠢᠨ ᠦᠵᠡᠮᠵᠢ ᠶᠢᠨ ᠣᠷᠣᠨ ᠢ ᠪᠠᠶᠢᠭᠤᠯᠵᠤ᠂ ᠠᠷᠠᠳ ᠢᠷᠭᠡᠳ ᠢ ᠣᠰᠣᠨ ᠳᠤ ᠨᠠᠩ ᠳᠣᠲᠣᠨᠣ ᠪᠤᠯᠭᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map