ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠣᠭᠠᠨ ᠤ ᠪᠦᠬᠦᠳᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/10/28
     10 ᠰᠠᠷ᠎ᠠ ᠶᠢᠨ 26 ᠤ ᠦᠳᠡ ᠶᠢᠨ ᠬᠤᠶᠢᠨ᠎ᠠ᠂ ᠮᠠᠨ ᠤ ᠬᠤᠲᠠ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠪᠥᠬᠦᠳᠡ ᠬᠤᠷᠠᠯ ᠢ ᠬᠤᠷᠠᠯᠳᠣᠭᠤᠯᠵᠣ᠂ ᠵᠠᠬᠢᠳᠠᠯ ᠰᠣᠷᠪᠤᠯᠵᠢᠯᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠳᠤ ᠣᠷᠣᠯᠴᠠᠪᠠ᠃ ᠳᠡᠳ᠋ ᠬᠤᠲᠠ ᠶᠢᠨ ᠳᠠᠷᠤᠭ᠎ᠠ ᠮᠢᠩ ᠶᠢᠦ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠬᠢᠳᠠᠯ ᠰᠣᠷᠪᠤᠯᠵᠢᠯᠠᠯ ᠤᠨ ᠠᠵᠢᠯ ᠪᠣᠯ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠬᠤ ᠴᠢᠬᠤᠯᠠ ᠴᠤᠩᠬᠤᠪᠴᠢ ᠮᠥᠨ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠯ ᠤᠨ ᠠᠵᠢᠯ ᠤᠨ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠵᠣᠭᠰᠣᠯᠲᠠ ᠳᠤ ᠪᠠᠲᠤ ᠵᠤᠭᠰᠣᠵᠤ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ  ᠪᠠᠨ ᠬᠦᠢᠴᠡᠳᠭᠡᠵᠦ᠂ ᠬᠠᠶᠢᠷ᠎ᠠ ᠰᠡᠳᠬᠢᠯᠭᠡ ᠲᠠᠢ ᠬᠠᠷᠢᠭᠤᠴᠠᠯᠭ᠎ᠠ ᠲᠠᠢ ᠪᠠᠷ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠣᠨ︾ ᠢᠶᠠᠷ ᠭᠠᠷᠳᠠᠴᠠ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠭᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢᠶᠠᠨ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠳᠡᠢ᠃ ᠰᠡᠳᠬᠢᠯ ᠢᠶᠠᠨ ᠮᠡᠳᠡᠯᠴᠡᠵᠦ᠂ ᠪᠠᠶᠢᠷᠢ ᠪᠠᠨ ᠰᠣᠯᠢᠵᠤ ᠪᠣᠳᠣᠯᠬᠢᠯᠠᠬᠤ ᠳᠠᠭᠠᠨ ᠴᠢᠳᠠᠮᠠᠭᠠᠶ ᠪᠠᠶᠢᠵᠤ᠂ ᠣᠯᠠᠨ ᠲᠦᠮᠡᠨ ᠤ ᠵᠣᠭᠰᠣᠯᠲᠠ ᠳᠡᠭᠡᠷ᠎ᠡ ᠵᠣᠭᠰᠣᠵᠤ᠂ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠰᠡᠳᠬᠢᠯ ᠳᠡᠭᠡᠨ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠬᠦ ᠬᠡᠷᠡᠭᠲᠡᠶ᠃ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠠᠵᠢᠯ ᠤᠨ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠳᠡᠢ᠃ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠣᠬᠢᠲᠠᠶ ᠰᠢᠢᠳᠪᠦᠷᠢᠯᠡᠬᠦ ᠶᠢ ᠠᠬᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map