ᠡᠯ᠎ᠡ ᠦᠨᠳᠦᠰᠦᠲᠡᠨ ᠤ ᠪᠦᠯᠬᠦᠮᠳᠡᠯ ᠨᠥᠬᠦᠷᠯᠡᠯ ᠪᠣᠯ ᠳᠤᠮᠳᠠᠳᠤ ᠶᠢᠨ ᠦᠨᠳᠦᠰᠦᠲᠡᠨ ᠤ ᠢᠷᠠᠭᠤ ᠠᠯᠳᠠᠷᠲᠤ | ᠤᠯᠠᠮᠵᠢᠯᠠᠯ ᠮᠥᠨ᠂ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭᠠᠨ ᠤ ᠠᠮᠢᠳᠤᠯᠢᠭ ᠢᠯᠡᠷᠡᠯ᠂ ᠳᠤᠮᠳᠠᠳᠤ ᠶᠢᠨ | ᠦᠨᠳᠦᠰᠦᠲᠡᠨ ᠤ ᠴᠡᠴᠡᠭᠯᠡᠨ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠂ ᠡᠨᠡ ᠵᠢᠯ ᠤᠨ 9 ᠰᠠᠷ᠎ᠠ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 37 ᠳ᠋ᠤᠭᠠᠷ ᠤᠳᠠᠭᠠᠨ ᠤ ᠦᠨᠳᠦᠰᠦᠲᠡᠨ ᠤ ᠪᠥᠯᠬᠦᠮᠳᠡᠯ | ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠤᠨ᠎ᠠ᠃ ︽ᠴᠢᠯᠦᠭᠡᠲᠡᠢ ᠰᠢᠭᠤᠳ ᠨᠡᠪᠲᠡᠷᠡᠭᠦᠯᠭᠡ ᠶᠢᠨ ᠥᠷᠦᠭᠡ︾ | ᠨᠡᠪᠲᠡᠷᠡᠭᠦᠯᠭᠡ ᠨᠢ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠴᠡᠩᠭᠡᠯ ᠢ ᠤᠷᠢᠵᠤ᠂ | ᠰᠣᠨᠣᠰᠤᠭᠴᠢᠳ ᠲᠠᠢ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠢᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠬᠠᠶ ᠦᠨᠳᠦᠰᠦᠲᠡᠨ ᠤ ᠴᠢᠭᠯᠡᠯᠲᠡ᠂ | ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠴᠥᠬᠡᠨ ᠲᠣᠭᠠᠲᠤ ᠦᠨᠳᠦᠰᠦᠲᠡᠨ ᠤ ᠶᠠᠳᠠᠭᠤᠴᠤᠳ ᠶᠢ ᠲᠡᠳᠬᠦᠬᠦ | ᠵᠡᠷᠭᠡ ᠪᠠᠶᠢᠳᠠᠯ ᠢ ᠣᠯᠠᠨ ᠳᠤ ᠲᠠᠨᠢᠯᠴᠠᠭᠤᠯᠤᠭᠰᠠᠨ ᠪᠠᠶᠢᠨ᠎ᠠ᠃ | 1. ᠰᠤᠷᠪᠤᠯᠵᠢᠯᠠᠭᠴᠢ᠄ ᠴᠡᠩᠭᠡᠯ ᠡᠷᠬᠢᠯᠡᠭᠴᠢ ᠲᠠ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠭᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠴᠡᠩᠭᠡᠯ᠄ ᠮᠠᠨ ᠤ ᠦᠬᠠᠶ ᠬᠤᠲᠠ ᠳᠤ 40 ᠦᠨᠳᠦᠰᠦᠲᠡᠨ ᠲᠠᠢ᠂ ᠮᠣᠩᠭᠤᠯ ᠦᠨᠳᠦᠰᠦᠲᠡᠨ᠂ ᠬᠤᠲᠣᠩ | ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ 39 ᠴᠥᠭᠡᠨ ᠲᠣᠭᠠᠲᠤ ᠦᠨᠳᠦᠰᠦᠲᠡᠨ ᠪᠠᠶᠢᠵᠤ᠂ ᠴᠥᠭᠡᠨ | ᠲᠣᠭᠠᠲᠤ ᠦᠨᠳᠦᠰᠦᠲᠡᠨ ᠤ ᠬᠥᠮᠦᠨ ᠠᠮᠠ 3.6 ᠲᠦᠮᠡ ᠭᠠᠷᠤᠶ ᠪᠣᠯᠤᠨ᠎ᠠ᠃ ᠪᠦᠬᠦ ᠬᠤᠲᠠ ᠶᠢᠨ ᠡᠯ᠎ᠡ | ᠦᠨᠳᠦᠰᠦᠲᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ | ᠤᠯᠤᠰ ᠢ ᠪᠦᠲᠦᠭᠡᠨ ᠪᠠᠶᠢᠭᠤᠯᠬᠤ ᠠᠭᠤᠤ ᠶᠡᠭᠡ ᠲᠤᠭ ᠤᠨ ᠵᠢᠯᠣᠭᠤᠳᠤᠯᠭ᠎ᠠ ᠳᠣᠣᠷ᠎ᠠ᠂ ᠬᠠᠮᠲᠤᠪᠠᠷ ᠪᠦᠯᠬᠦᠮᠳᠡᠨ | ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠵᠦ᠂ ᠬᠠᠮᠲᠤᠪᠠᠷ ᠵᠣᠯ ᠵᠢᠷᠭᠠᠯ ᠲᠠᠢ᠂ ᠡᠶ᠎ᠡ ᠵᠣᠬᠢᠴᠠᠩᠭᠤᠢ᠂ | ᠦᠵᠡᠰᠬᠦᠯᠡᠩᠲᠦ ᠰᠠᠶᠢᠬᠠᠨ ᠦᠬᠠᠢ ᠶᠢ ᠪᠦᠳᠦᠭᠡᠨ ᠪᠠᠶᠢᠭᠤᠯᠵᠤ ᠪᠠᠶᠢᠨ᠎ᠠ᠃ ᠪᠦᠬᠦ ᠬᠤᠲᠠ ᠶᠢᠨ ᠠᠵᠤ ᠠᠬᠤᠢ | ᠨᠡᠶᠢᠭᠡᠮ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ᠂ 2019 ᠣᠨ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 9.5% ᠪᠠᠷ ᠨᠡᠮᠡᠭᠳᠡᠵᠦ᠂ ᠪᠦᠬᠦ ᠣᠷᠣᠨ ᠳᠤ ᠲᠡᠷᠢᠭᠦᠨ ᠳᠤ ᠪᠠᠶᠢᠷᠢᠯᠠᠪᠠ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.9% ᠨᠡᠮᠡᠭᠳᠡᠵᠦ᠂ ᠪᠥᠬᠦ ᠣᠷᠣᠨ ᠤ | ᠳᠥᠷᠪᠡᠳᠦᠭᠡᠷ ᠲᠤ ᠣᠷᠤᠪᠠ︔ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰᠪᠣᠷᠢ 6.4%᠂ 10.2% ᠢᠶᠠᠷ | ᠨᠡᠮᠡᠭᠳᠡᠵᠦ᠂ ᠪᠥᠬᠦ ᠣᠷᠣᠨ ᠤ ᠳᠣᠯᠣᠳᠤᠭᠠᠷ ᠲᠤ ᠵᠢᠭᠰᠠᠭᠠᠭᠳᠠᠪᠠ᠃ ᠪᠦᠬᠦ ᠬᠤᠲᠠ ᠶᠢᠨ ᠠᠵᠤ ᠠᠬᠤᠢ ᠶᠢᠨ | ᠡᠷᠭᠢᠯᠲᠡ ᠲᠣᠭᠲᠠᠭᠤᠨ ᠮᠥᠷᠲᠡᠭᠡᠨ ᠨᠡᠩ ᠰᠠᠶᠢᠵᠢᠷᠠᠵᠤ᠂ ᠬᠤᠲᠠ ᠶᠢᠨ ᠴᠢᠳᠠᠪᠬᠢ ᠨᠠᠩ ᠲᠡᠭᠦᠯᠳᠡᠷᠵᠢᠵᠦ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠢᠯᠡᠷᠰᠢᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠨᠡᠩ ᠬᠦᠴᠦᠲᠡᠶ ᠪᠤᠯᠵᠤ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠪᠠ᠃ 2019 ᠣᠨ ᠳᠤ | ᠪᠥᠬᠦ ᠬᠤᠲᠠ ᠶᠢᠨ ᠶᠢᠰᠦᠳᠦᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ | ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ | 2. ᠰᠤᠷᠪᠤᠯᠵᠢᠯᠠᠭᠴᠢ᠄ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯ ᠢ ᠬᠡᠷᠬᠢᠨ ᠥᠷᠨᠢᠭᠦᠯᠳᠡᠭ ᠪᠣᠢ︖ | ᠴᠡᠩᠭᠡᠯ᠄ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠴᠢᠬᠤᠯᠠ ᠠᠴᠢᠶᠠᠯᠠᠪᠤᠷᠢ ᠪᠣᠯᠭᠠᠵᠤ᠂ ᠨᠢᠭᠡ ᠲᠠᠯ᠎ᠠ ᠪᠠᠷ ᠵᠢᠯ ᠪᠦᠷᠢ ᠵᠠᠷᠢᠮ ᠴᠢᠬᠤᠯᠠ | ᠵᠠᠩᠭᠢᠯᠠᠭ᠎ᠠ ᠶᠢᠨ ᠴᠡᠭ ᠲᠤ ᠲᠥᠪᠯᠡᠷᠡᠭᠦᠯᠦᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠳᠡᠭ᠂ ᠵᠢᠱᠢᠶᠡᠯᠡᠪᠡᠯ ᠵᠢᠯ | ᠪᠦᠷᠢ ᠶᠢᠨ ᠲᠠᠪᠤᠳᠤᠭᠠᠷ ᠰᠠᠷ᠎ᠠ ᠶᠢᠨ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠰᠠᠷ᠎ᠠ ᠳᠤ ᠲᠠᠪᠤᠳᠤᠭᠠᠷ ᠰᠠᠷ᠎ᠠ ᠶᠢᠨ ᠰᠡᠭᠦᠯᠴᠢ ᠶᠢᠨ ᠨᠢᠭᠡ ᠭᠠᠷᠠᠭ ᠤᠨ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠤᠬᠠᠭᠤᠯᠬᠤ ᠭᠠᠷᠠᠭ᠂ ᠶᠢᠰᠦᠳᠦᠭᠡᠷ ᠰᠠᠷ᠎ᠠ ᠶᠢᠨ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠳᠤ ᠤᠬᠠᠭᠤᠯᠭ᠎ᠠ ᠶᠢᠨ ᠠᠵᠢᠯᠯᠠᠭ᠎ᠠ ᠶᠢ | ᠲᠥᠪᠯᠡᠷᠡᠭᠦᠯᠦᠨ ᠥᠷᠨᠢᠭᠦᠯᠳᠡᠭ᠃ | ᠨᠥᠭᠦᠭᠡ ᠲᠠᠯ᠎ᠠ ᠪᠠᠷ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠺᠠᠳ᠋ᠷ ᠤᠨ | ᠰᠤᠷᠭᠠᠨ ᠬᠦᠮᠦᠵᠢᠯ᠂ ᠤᠯᠤᠰ ᠠᠷᠠᠳ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠦᠬᠦ | ᠶᠠᠪᠤᠴᠠ ᠳᠤ ᠤᠶᠠᠯᠳᠤᠭᠤᠯᠤᠭᠰᠠᠨ ᠪᠠᠶᠢᠨ᠎ᠠ᠂ ᠵᠢᠱᠢᠶᠡᠯᠡᠪᠡᠯ᠄ | ᠺᠠᠳ᠋ᠷ ᠠᠵᠢᠯᠲᠠᠳ ᠤᠨ ᠬᠥᠮᠦᠵᠢᠯ ᠤᠨ ᠲᠠᠯ᠎ᠠ ᠠᠴᠠ᠄ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠡᠭᠡ ᠰᠢᠢᠳᠪᠦᠷᠢ ᠪᠠᠶᠢᠷᠢᠯᠠᠭᠤᠯᠤᠯᠲᠠ ᠶᠢ ᠬᠤᠲᠠ᠂ ᠲᠣᠭᠤᠷᠢᠭ ᠤᠨ | ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠣᠨᠣᠯ ᠤᠨ ᠰᠣᠷᠣᠯᠴᠠᠯᠭ᠎ᠠ ᠶᠢᠨ ᠭᠤᠣᠯ | ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠤᠭᠤᠯᠵᠤ᠂ ᠮᠥᠨᠴᠦ ᠬᠤᠲᠠ ᠶᠢᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ | ᠰᠤᠷᠭᠠᠭᠤᠯᠢ ᠶᠢᠨ ᠡᠯ᠎ᠡ ᠠᠩᠭᠢ ᠶᠢᠨ ᠵᠢᠭᠠᠨ ᠰᠤᠷᠭᠠᠬᠤ ᠠᠭᠤᠯᠭ᠎ᠠ ᠳᠤ ᠣᠷᠣᠭᠤᠯᠵᠠᠢ᠃ | ᠤᠯᠤᠰ ᠠᠷᠠᠳ ᠤᠨ ᠰᠤᠷᠭᠠᠨ ᠬᠥᠮᠦᠵᠢᠯ ᠤᠨ ᠲᠠᠯ᠎ᠠ ᠠᠴᠠ᠄ ᠪᠢᠳᠡ ᠶᠡᠷᠦᠩᠬᠡᠶ ᠱᠦᠵᠢ ᠰᠢ ᠶᠢᠨ ᠫᠢᠩ ᠤᠨ | ︽ᠦᠨᠳᠦᠰᠦᠲᠡᠨ ᠤ ᠪᠦᠯᠬᠦᠮᠳᠡᠯ ᠢ ᠬᠡᠦᠬᠡᠳ ᠠᠴᠠ ᠡᠬᠢᠯᠡᠨ ᠠᠳᠬᠤᠬᠤ︾ ᠱᠠᠭᠠᠷᠳᠠᠯᠭ᠎ᠠ ᠶᠣᠰᠣᠭᠠᠷ᠂ | ᠦᠨᠳᠦᠰᠦᠲᠡᠨ ᠤ ᠪᠦᠯᠬᠦᠮᠳᠡᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ | ᠰᠤᠷᠭᠠᠭᠤᠯᠢ ᠳᠤ ᠠᠯᠢ ᠤᠯᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ | ᠵᠢᠱᠢᠶᠡᠯᠡᠪᠡᠯ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠶᠣᠰᠣᠯᠠᠯ ᠠᠴᠠ ᠡᠬᠢᠯᠡᠨ | ᠪᠠᠭᠰᠢ ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠬᠢᠵᠦ᠂ ᠵᠢᠭᠠᠨ ᠰᠤᠷᠭᠠᠬᠤ ᠶᠠᠪᠤᠴᠠ | ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ︽ᠳᠣᠯᠣᠭᠠᠨ ᠨᠢᠭᠡ︾ ᠶᠢᠨ | ᠠᠵᠢᠯᠯᠠᠭ᠎ᠠ ᠶᠢ ᠥᠷᠨᠢᠭᠦᠯᠪᠡ ︵ᠵᠢᠯ ᠪᠦᠷᠢ ᠨᠢᠭᠡ ᠤᠳᠠᠭ᠎ᠠ ᠭᠤᠣᠯ ᠰᠡᠳᠦᠪᠲᠦ ᠠᠩᠭᠢ ᠶᠢᠨ ᠬᠤᠷᠠᠯ ᠬᠤᠷᠠᠯᠳᠤᠭᠤᠯᠵᠤ | ᠂ ᠨᠢᠭᠡ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠵᠤ᠂ ᠨᠢᠭᠡ ᠨᠡᠶᠢᠲᠡᠯᠢᠭ ᠵᠢᠱᠢᠶᠡᠴᠢ ᠠᠴᠠ | ᠰᠣᠷᠣᠯᠴᠠᠵᠤ᠂ ᠨᠢᠭᠡ ᠦᠯᠢᠭᠡᠷ ᠶᠠᠷᠢᠵᠤ᠂ ᠨᠢᠭᠡ ᠳᠠᠭᠤᠤ ᠳᠠᠭᠤᠯᠠᠵᠤ᠂ ᠨᠢᠭᠡ ᠵᠣᠬᠢᠶᠠᠯ ᠪᠢᠴᠢᠵᠦ᠂ ᠨᠢᠭᠡ | ᠤᠳᠠᠭᠠᠨ ᠤ ᠦᠵᠡᠭᠦᠯᠭᠡ ᠶᠢ ᠲᠣᠭᠤᠷᠢᠨ ᠦᠵᠡᠨ᠎ᠡ︶︔ ᠬᠤᠲᠠ ᠶᠢᠨ ᠵᠠᠯᠠᠭᠤᠴᠤᠳ ᠪᠠᠭᠠᠴᠤᠳ ᠤᠨ ᠣᠷᠳᠣᠨ ᠳᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠠᠭᠰᠢ᠂ | ᠰᠤᠷᠤᠭᠴᠢ᠂ ᠭᠡᠷ ᠤᠨ ᠠᠬᠠᠮᠠᠳ ᠤᠨ ᠲᠣᠭᠤᠷᠢᠨ ᠦᠵᠡᠵᠦ ᠰᠤᠷᠤᠯᠴᠠᠬᠤ ᠳᠤ ᠨᠥᠬᠦᠴᠡᠯ ᠬᠠᠩᠭᠠᠵᠠᠢ᠃ ᠵᠢᠯ ᠪᠦᠷᠢ | ︽ᠦᠨᠳᠦᠰᠦᠲᠡᠨ ᠨᠤᠭᠤᠳ ᠨᠢᠭᠡ ᠭᠡᠷ ᠤᠨ ᠬᠥᠮᠦᠨ ᠮᠡᠲᠦ ᠳᠣᠲᠣᠨᠣ︾ ᠬᠡᠤᠬᠡᠳ ᠤᠨ ᠴᠡᠴᠡᠷᠯᠢᠭ ᠤᠨ ᠪᠢᠴᠢᠬᠠᠨ | ᠨᠠᠶᠢᠵᠠ ᠭᠠᠷ ᠭᠠᠷ ᠢᠶᠠᠨ ᠬᠤᠯᠪᠣᠯᠴᠠᠬᠤ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠵᠤ᠂ ᠬᠠᠶᠢᠷᠤᠪ ᠤᠨ ᠲᠣᠬᠤᠢ | ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ ᠪᠣᠯᠤᠨ ᠬᠤᠲᠠ ᠶᠢᠨ ᠮᠣᠩᠭᠤᠯ ᠰᠤᠷᠭᠠᠭᠤᠯᠢ ᠶᠢᠨ | ᠬᠡᠦᠬᠡᠳ ᠤᠨ ᠴᠡᠴᠡᠷᠯᠢᠭ ᠬᠤᠶᠠᠷ ᠵᠢᠯ ᠳᠠᠷᠠᠭᠠᠯᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ | ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ | ᠦᠨᠳᠦᠰᠦᠲᠡᠨ ᠨᠦᠭᠦᠳ ᠤᠨ ᠪᠢᠴᠢᠬᠠᠨ ᠨᠠᠶᠢᠵᠠ ᠨᠠᠷ ᠤᠨ ᠨᠥᠬᠦᠷᠯᠡᠯ ᠤᠨ ᠠᠵᠢᠯᠯᠠᠭ᠎ᠠ ᠥᠷᠨᠢᠭᠦᠯᠪᠡ᠃ | ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ ᠪᠣᠯᠤᠨ ᠲᠥᠪᠡᠳ ᠤᠨ ᠨᠠᠭᠴᠤ | ᠬᠤᠲᠠ ᠶᠢᠨ ᠰᠧᠨᠢ ᠲᠣᠭᠤᠷᠢᠭ ᠤᠨ ᠬᠡᠤᠬᠡᠳ ᠤᠨ ᠴᠡᠴᠡᠷᠯᠢᠭ ᠲᠠᠢ ︽ᠭᠠᠷ ᠬᠤᠯᠪᠣᠯᠴᠠᠭᠰᠠᠨ︾ ᠴᠡᠴᠡᠷᠯᠢᠭ | ᠪᠠᠶᠢᠭᠤᠯᠵᠤ᠂ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠠᠵᠢᠯᠯᠠᠭ᠎ᠠ ᠥᠷᠨᠢᠭᠦᠯᠪᠡ᠃ ᠵᠢᠷᠭᠤᠭᠠᠨ ᠵᠢᠯ ᠳᠠᠷᠠᠭᠠᠯᠠᠨ | ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ︽ᠦᠨᠳᠦᠰᠦᠲᠡᠨ ᠤ ᠪᠥᠯᠬᠦᠮᠳᠡᠯ︾ ᠢᠶᠠᠷ ᠭᠤᠣᠯ ᠰᠡᠳᠦᠪ | ᠪᠣᠯᠭᠠᠭᠰᠠᠨ ᠡᠬᠡ ᠪᠢᠴᠢᠭ ᠡᠯᠰᠡᠬᠦ ᠠᠵᠢᠯᠯᠠᠭ᠎ᠠ᠂ ᠪᠠᠭᠰᠢ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠤᠨ | ᠦᠵᠡᠰᠬᠦᠯᠡᠩ᠂ ᠰᠤᠷᠭᠠᠭᠤᠯᠢ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠵᠢᠭᠠᠬᠤ ᠮᠠᠲ᠋ᠧᠷᠢᠶᠠᠯ ᠤᠨ | ᠦᠵᠡᠰᠬᠦᠯᠡᠩ ᠵᠡᠷᠭᠡ ᠠᠵᠢᠯᠯᠠᠭ᠎ᠠ ᠶᠢ ᠥᠷᠨᠢᠭᠦᠯᠪᠡ᠃ | ᠨᠡᠶᠢᠭᠡᠮ ᠤᠨ ᠰᠤᠷᠭᠠᠨ ᠬᠥᠮᠦᠵᠢᠯ ᠤᠨ ᠳᠠᠪᠬᠤᠷᠭ᠎ᠠ ᠠᠴᠠ᠄ ᠨᠠᠮ ᠵᠠᠰᠠᠭ ᠤᠨ ᠪᠠᠶᠢᠭᠤᠯᠭ᠎ᠠ ᠵᠢᠯ ᠪᠦᠷᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠳᠠᠭ︔ | ᠠᠵᠤ ᠠᠬᠤᠶᠢᠯᠠᠯ ᠨᠢ ᠵᠢᠯ ᠤᠨ ᠡᠴᠦᠰ ᠤᠨ ᠳ᠋ᠦᠩᠨᠡᠯᠲᠡ ᠶᠢᠨ ᠬᠤᠷᠠᠯ ᠳᠡᠭᠡᠷ᠎ᠡ᠂ ᠦᠨᠳᠦᠰᠦᠲᠡᠨ ᠤ ᠪᠦᠯᠬᠦᠮᠳᠡᠯ ᠤᠨ | ᠵᠢᠱᠢᠶᠡᠴᠢ ᠶᠢ ᠬᠥᠬᠢᠭᠦᠯᠦᠨ ᠰᠠᠶᠢᠰᠢᠶᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠳᠠᠭ︔ ᠬᠥᠳᠡᠭᠡ ᠲᠣᠰᠬᠤᠨ᠂ | ᠨᠡᠶᠢᠭᠡᠮ ᠲᠣᠭᠤᠷᠢᠭ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠴᠥᠭᠡᠨ ᠲᠣᠭᠠᠲᠤ | ᠦᠨᠳᠦᠰᠦᠲᠡᠨ ᠤ ᠦᠢᠯᠡᠴᠢᠯᠡᠭᠡᠨ ᠤ ᠭᠠᠵᠠᠷ ᠪᠠᠶᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠳᠠᠭ︔ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠬᠦᠷᠴᠦ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠳᠠᠭ︔ | ᠴᠡᠷᠢᠭ ᠠᠩᠭᠢ ᠳᠤ ᠬᠦᠷᠴᠦ ᠴᠡᠷᠢᠭ ᠢᠶᠠᠨ ᠬᠦᠷᠢᠶᠡᠯᠡᠬᠦ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠦᠨᠳᠦᠰᠦᠲᠡᠨ ᠤ | ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠥᠷᠨᠢᠭᠦᠯᠳᠡᠭ᠃ | 3. ᠰᠤᠷᠪᠤᠯᠵᠢᠯᠠᠭᠴᠢ᠄ ᠥᠪᠥᠷ ᠮᠣᠩᠭᠤᠯ ᠪᠣᠯ ᠪᠥᠬᠦ ᠤᠯᠤᠰ ᠤᠨ ᠠᠩᠬᠠᠳᠠᠭᠴᠢ ᠦᠨᠳᠦᠰᠦᠲᠡᠨ ᠤ | ᠥᠪᠡᠷᠲᠡᠭᠡᠨ ᠵᠠᠰᠠᠬᠤ ᠶᠢ ᠪᠡᠶᠡᠯᠡᠭᠦᠯᠦᠭᠰᠡᠨ ᠭᠠᠵᠠᠷ ᠣᠷᠣᠨ ᠪᠣᠯᠤᠨ᠎ᠠ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠤ ᠡᠷᠬᠢᠮ ᠳᠡᠭᠡᠳᠦ ᠢᠷᠠᠭᠤ ᠠᠯᠳᠠᠷ ᠢ ᠬᠦᠷᠲᠡᠵᠦ᠂ ᠥᠪᠥᠷ ᠮᠣᠩᠭᠤᠯ ᠦᠨᠳᠦᠰᠦᠲᠡᠨ ᠤ ᠭᠠᠵᠠᠷ ᠣᠷᠣᠨ | ᠪᠣᠯᠤᠭᠰᠠᠨ ᠤ ᠬᠤᠪᠢ ᠳᠤ ᠲᠥᠪ ᠬᠤᠷᠢᠶᠠᠨ ᠠᠴᠠ ᠶᠠᠮᠠᠷ ᠶᠠᠮᠠᠷ ᠲᠦᠷᠦ ᠶᠢᠨ ᠪᠣᠳᠤᠯᠭ᠎ᠠ ᠬᠠᠤᠯᠢ ᠳᠣᠭᠲᠠᠭᠠᠯ ᠢ | ᠲᠣᠭᠲᠠᠭᠠᠵᠤ ᠨᠡᠶᠢᠲᠡᠯᠡᠭᠰᠡᠨ ᠪᠤᠢ︖ ᠮᠠᠨ ᠤ ᠬᠤᠲᠠ ᠡᠳᠡᠭᠡᠷ ᠲᠥᠷᠥ ᠶᠢᠨ ᠪᠣᠳᠣᠯᠭ᠎ᠠ ᠶᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠤᠢ︖ | ᠴᠡᠩᠭᠡᠯ᠄ ᠲᠥᠪ ᠪᠣᠯᠤᠨ ᠥᠪᠡᠷᠲᠡᠭᠡᠨ ᠵᠠᠰᠠᠬᠤ ᠣᠷᠣᠨ ᠠᠴᠠ ᠴᠥᠭᠡᠨ ᠲᠣᠭᠠᠲᠤ ᠦᠨᠳᠦᠰᠦᠲᠡᠨ ᠤ | ᠣᠷᠣᠨ ᠤ ᠠᠵᠤ ᠠᠬᠤᠶ ᠰᠣᠶᠣᠯ ᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠲᠡᠰᠢ ᠬᠡᠯᠪᠠᠶᠢᠯᠭᠡᠵᠦ᠂ ᠮᠠᠨ ᠤ | ᠬᠤᠲᠠ ᠳᠡᠭᠡᠳᠦ ᠱᠠᠲᠤᠨ ᠤ ᠱᠠᠭᠠᠷᠳᠠᠯᠭ᠎ᠠ ᠶᠢ ᠢᠳᠡᠪᠬᠢᠲᠡᠢ ᠲᠤᠤᠱᠯᠠᠭᠤᠯᠵᠤ᠂ ᠴᠥᠭᠡᠨ ᠲᠣᠭᠠᠲᠤ ᠦᠨᠳᠦᠰᠦᠲᠡᠨ ᠤ | ᠣᠯᠠᠨ ᠲᠦᠮᠡᠨ ᠤ ᠠᠵᠢᠯ ᠣᠯᠬᠤ᠂ ᠰᠤᠷᠭᠠᠭᠤᠯᠢ ᠳᠤ ᠣᠷᠣᠬᠤ᠂ ᠡᠮ ᠡᠮᠨᠡᠯᠭᠡ ᠵᠡᠷᠭᠡ ᠲᠠᠯ᠎ᠠ ᠪᠠᠷ ᠴᠤ ᠠᠯᠢ ᠣᠯᠠᠨ | ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠲᠥᠬᠦᠷᠵᠢᠭᠦᠯᠦᠨ ᠨᠡᠶᠢᠲᠡᠯᠡᠪᠡ᠃ | ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠲᠠᠯ᠎ᠠ ᠠᠴᠠ᠄ ᠤᠯᠤᠰ ᠠᠴᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ | ᠨᠡᠶᠢᠲᠡᠯᠡᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠤᠯᠤᠰ ᠤᠨ ᠨᠢᠭᠡᠨ ᠦᠨᠳᠦᠰᠦᠨ ᠤᠯᠤᠰ | ᠲᠦᠷᠦ ᠶᠢᠨ ᠪᠠᠶᠢᠭᠤᠯᠤᠯ ᠮᠥᠨ ᠭᠡᠵᠦ ᠲᠣᠳᠣᠷᠬᠠᠶ ᠲᠣᠭᠲᠠᠭᠠᠪᠠ᠃ ᠮᠠᠨ ᠤ ᠬᠤᠲᠠ ᠡᠨᠡ ᠬᠦ ᠬᠠᠤᠯᠢ ᠴᠠᠭᠠᠵᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ᠂ ᠲᠠᠪᠤᠨ ᠰᠠᠷ᠎ᠠ ᠶᠢᠨ ᠬᠠᠮᠤᠭ ᠰᠡᠭᠦᠯᠴᠢ ᠶᠢᠨ ᠭᠠᠷᠠᠭ ᠪᠣᠯ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠤᠬᠠᠭᠤᠯᠭ᠎ᠠ ᠶᠢᠨ ᠭᠠᠷᠠᠭ ᠮᠥᠨ᠂ ᠲᠤᠰ | ᠬᠤᠭᠤᠴᠠᠭᠠᠨ ᠳᠤ ᠪᠢᠳᠡ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠰᠣᠨᠢᠨ ᠰᠡᠳᠬᠦᠯ᠂ ᠷᠠᠳᠢᠣ᠋ | ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠸᠢᠴᠠᠲ ᠶᠢᠨ ᠣᠯᠠᠨ ᠨᠡᠶᠢᠲᠡ ᠶᠢᠨ ᠳᠠᠪᠴᠠᠩ ᠵᠡᠷᠭᠡ ᠡᠯ᠎ᠡ ᠱᠠᠲᠤᠨ ᠤ | ᠡᠯ᠎ᠡ ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠲᠥᠪᠯᠡᠷᠡᠩᠭᠦᠶ ᠤᠬᠠᠭᠤᠯᠭ᠎ᠠ ᠬᠢᠳᠡᠭ᠃ ᠡᠳᠦᠷ ᠲᠤᠲᠤᠮ ᠤᠨ | ᠠᠵᠢᠯ ᠤᠨ ᠳᠤᠮᠳᠠ᠂ ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠤᠬᠠᠭᠤᠯᠭ᠎ᠠ ᠪᠠ | ︽ᠬᠠᠤᠯᠢ ᠴᠠᠭᠠᠵᠠ ᠶᠢ ᠵᠢᠷᠭᠤᠭ᠎ᠠ ᠳᠤ ᠣᠷᠤᠭᠤᠯᠬᠤ︾ ᠭᠤᠤᠯ ᠰᠡᠳᠦᠪᠲᠦ ᠠᠵᠢᠯᠯᠠᠭ᠎ᠠ ᠶᠢ ᠠᠭᠤᠰᠤᠯᠴᠠᠭᠤᠯᠵᠤ᠂ | ᠬᠠᠤᠯᠢ ᠪᠠᠷ ᠵᠠᠰᠠᠬᠤ ᠲᠠᠶᠢᠯᠤᠮᠵᠢ᠂ ᠬᠠᠤᠯᠢ ᠪᠠᠷ ᠵᠠᠰᠠᠬᠤ ᠤᠷᠠᠨ ᠰᠠᠶᠢᠬᠠᠨ ᠤ ᠲᠣᠭᠯᠠᠯᠲᠠ᠂ ᠤᠷᠠᠨ ᠪᠢᠴᠢᠯᠭᠡ | ᠤᠷᠠᠨ ᠵᠢᠷᠤᠭ ᠤᠨ ᠦᠵᠡᠭᠦᠯᠭᠡ ᠪᠠᠷ ᠳᠠᠮᠵᠢᠨ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠬᠠᠤᠯᠢ ᠶᠢᠨ ᠪᠢᠴᠢᠭ ᠡᠯᠰᠡᠬᠦ᠂ ᠶᠠᠷᠢᠶ᠎ᠠ ᠢᠯᠡᠳᠬᠡᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ | ᠡᠷᠭᠢᠯᠡᠵᠦ ᠨᠢᠭᠡᠴᠡ ᠶᠢᠨ ᠤᠬᠠᠭᠤᠯᠭ᠎ᠠ ᠬᠥᠮᠦᠵᠢᠯ ᠥᠷᠨᠢᠭᠦᠯᠳᠡᠭ︔ ᠣᠯᠠᠨ ᠨᠡᠶᠢᠲᠡ ᠶᠢᠨ ᠠᠵᠢᠯᠯᠠᠭᠠᠨ ᠤ | ᠲᠠᠯᠠᠪᠤᠷ ᠲᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠲᠣᠪᠬᠢᠮᠠᠯ ᠢ ᠲᠠᠯᠪᠢᠵᠤ᠂ ᠬᠠᠤᠯᠢ ᠪᠠᠷ | ᠵᠠᠰᠠᠬᠤ ᠴᠡᠴᠡᠷᠯᠢᠭ᠂ ᠬᠠᠤᠯᠢ ᠪᠠᠷ ᠵᠠᠰᠠᠬᠤ ᠰᠣᠶᠣᠯ ᠤᠨ ᠭᠤᠳᠤᠮᠵᠢ᠂ ᠬᠠᠤᠯᠢ ᠴᠠᠭᠠᠵᠠ ᠶᠢᠨ ᠨᠣᠮ ᠪᠢᠴᠢᠭ ᠤᠨ | ᠥᠷᠦᠭᠡ ᠵᠢᠴᠢ ᠤᠬᠠᠭᠤᠯᠬᠤ ᠪᠤᠯᠤᠩ᠂ ᠡᠯᠧᠺᠲᠷᠣᠨ ᠳᠡᠯᠭᠡᠴᠡ᠂ ᠰᠢᠯᠵᠢᠮᠡᠯ ᠲᠧᠯᠸᠢᠰ ᠢ ᠠᠰᠢᠭᠯᠠᠨ ᠨᠡᠶᠢᠭᠡᠮ ᠤᠨ | ᠲᠠᠯ᠎ᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠳᠡᠭ᠃ ᠥᠪᠡᠷᠲᠡᠭᠡᠨ ᠵᠠᠰᠠᠬᠤ ᠣᠷᠣᠨ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠦᠷᠢᠮ︾ | ᠢ ᠲᠣᠭᠲᠠᠭᠠᠨ ᠨᠡᠶᠢᠲᠡᠯᠡᠵᠦ᠂ ᠮᠣᠩᠭᠤᠯ ᠦᠭᠡ ᠬᠡᠯᠡ ᠥᠰᠥᠭ ᠪᠢᠴᠢᠭ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ | ᠪᠠ ᠰᠤᠷᠤᠯᠴᠠᠵᠤ ᠬᠡᠷᠡᠭᠯᠡᠬᠦ ᠲᠤᠬᠠᠶ ᠲᠣᠳᠣᠷᠬᠠᠶ ᠱᠠᠭᠠᠷᠳᠠᠯᠭ᠎ᠠ ᠲᠠᠯᠪᠢᠵᠠᠶ᠃ ᠮᠠᠨ ᠤ ᠬᠤᠲᠠ ᠨᠢᠭᠡ ᠲᠠᠯ᠎ᠠ ᠪᠠᠷ ᠡᠯ᠎ᠡ | ᠦᠨᠳᠦᠰᠦᠲᠡᠨ ᠨᠦᠭᠦᠳ ᠬᠠᠷᠢᠯᠴᠠᠨ ᠦᠭᠡ ᠬᠡᠯᠡ ᠦᠰᠦᠭ ᠪᠢᠴᠢᠭ ᠰᠤᠷᠤᠯᠴᠠᠬᠤ ᠲᠠᠪᠴᠠᠩ ᠢ ᠢᠳᠡᠪᠬᠢᠲᠡᠢ | ᠪᠠᠶᠢᠭᠤᠯᠵᠤ᠂ ᠬᠤᠲᠠ ᠶᠢᠨ ᠮᠣᠩᠭᠤᠯ ᠰᠤᠷᠭᠠᠭᠤᠯᠢ ᠳᠤ ᠮᠣᠩᠭᠤᠯ ᠬᠡᠯᠡᠨ ᠤ ᠪᠣᠯᠪᠠᠰᠤᠷᠠᠯ ᠤᠨ ᠠᠩᠭᠢ᠂ ᠮᠣᠩᠭᠤᠯ | ᠤᠷᠠᠨ ᠪᠢᠴᠢᠯᠭᠡ ᠶᠢᠨ ᠪᠣᠯᠪᠠᠰᠤᠷᠠᠯ ᠤᠨ ᠠᠩᠭᠢ ᠡᠷᠬᠢᠯᠡᠵᠦ᠂ ᠭᠠᠷᠠᠭ ᠪᠦᠷᠢ ᠨᠢᠭᠡ ᠥᠭᠦᠯᠡᠪᠦᠷᠢ ᠰᠤᠷᠬᠤ | ᠬᠥᠳᠡᠯᠭᠡᠭᠡᠨ ᠢ ᠤᠷᠲᠤ ᠬᠤᠭᠤᠴᠠᠭ᠎ᠠ ᠪᠠᠷ ᠥᠷᠨᠢᠭᠦᠯᠵᠦ᠂ ᠮᠠᠨ ᠤ ᠬᠤᠲᠠ ᠶᠢᠨ ᠷᠠᠳᠢᠣ᠋ ᠲᠧᠯᠸᠢᠰ ᠬᠤᠷᠢᠶ᠎ᠠ ᠪᠠᠰᠠ | ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢ ᠨᠡᠭᠡᠭᠡᠵᠦ᠂ ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ | ᠮᠣᠩᠭᠤᠯ ᠰᠣᠶᠣᠯ ᠢ ᠰᠤᠷᠤᠯᠴᠠᠬᠤ ᠳᠤ ᠳᠥᠭᠦᠮ ᠦᠵᠡᠭᠦᠯᠪᠡ᠃ ᠨᠥᠭᠦᠭᠡ ᠲᠠᠯ᠎ᠠ ᠪᠠᠷ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠦᠷᠢᠮ︾ ᠢ | ᠦᠨᠳᠦᠰᠦᠯᠡᠨ ᠮᠣᠩᠭᠤᠯ ᠬᠢᠲᠠᠳ ᠦᠰᠦᠭ ᠢ ᠵᠡᠷᠭᠡ ᠪᠠᠷ ᠬᠡᠷᠡᠭᠯᠡᠬᠦ ᠶᠢ ᠵᠢᠷᠤᠮᠵᠢᠭᠤᠯᠪᠠ᠃ ᠪᠢᠳᠡ ᠵᠢᠯ ᠪᠦᠷᠢ | ᠲᠣᠭᠲᠠᠭᠰᠠᠨ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠲᠢᠩᠬᠢᠮ᠂ ᠵᠠᠰᠠᠭ ᠵᠠᠬᠢᠷᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠵᠡᠭᠡᠯᠢ ᠭᠤᠳᠤᠮᠵᠢ ᠶᠢᠨ ᠫᠠᠶᠢᠰᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ | ᠵᠡᠷᠭᠡ ᠶᠢᠨ ᠮᠣᠩᠭᠤᠯ ᠬᠢᠲᠠᠳ ᠦᠰᠦᠭ ᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ | ᠬᠢᠵᠦ᠂ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠳᠦᠷᠢᠮᠵᠢᠭᠦᠯᠦᠨ ᠬᠡᠷᠡᠭᠯᠡᠬᠦ ᠶᠢ ᠪᠠᠲᠤᠯᠠᠪᠠ᠃ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠠᠴᠠ᠄ ᠮᠠᠨ ᠤ ᠬᠤᠲᠠ ᠴᠥᠭᠡᠨ ᠲᠣᠭᠠᠲᠤ | ᠦᠨᠳᠦᠰᠦᠲᠡᠨ ᠤ ᠶᠠᠳᠠᠭᠤ ᠬᠦᠴᠢᠷᠳᠡᠯᠲᠡᠢ ᠭᠡᠷ ᠪᠦᠯᠢ ᠳᠤ ᠳᠠᠩᠰᠠ ᠡᠪᠬᠡᠮᠡᠯ ᠪᠠᠶᠢᠭᠤᠯᠵᠤ᠂ ᠲᠣᠰ ᠬᠤᠲᠠ ᠶᠢᠨ | ᠡᠷᠦᠬᠡ ᠠᠮᠠ ᠲᠠᠢ ᠴᠥᠭᠡᠨ ᠲᠣᠭᠠᠲᠤ ᠦᠨᠳᠦᠰᠦᠲᠡᠨ ᠤ ᠬᠦᠴᠢᠷᠳᠡᠯᠲᠡᠢ ᠣᠯᠠᠨ ᠲᠦᠮᠡᠨ ᠢ ᠡᠮ ᠡᠮᠨᠡᠯᠭᠡ ᠶᠢᠨ | ᠳᠠᠭᠠᠳᠬᠠᠯ ᠳᠤ ᠡᠩ ᠲᠡᠷᠢᠭᠦᠨ ᠳᠤ ᠣᠷᠣᠭᠤᠯᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠴᠥᠭᠡᠨ | ᠲᠣᠭᠠᠲᠤ ᠦᠨᠳᠦᠰᠦᠲᠡᠨ ᠤ ᠭᠡᠷ ᠪᠦᠯᠢ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢᠨ | ᠰᠠᠭᠤᠷᠢᠨ ᠳᠡᠭᠡᠷ᠎ᠡ᠂ ᠬᠥᠮᠦᠨ ᠪᠦᠷᠢ ᠳᠤ ᠰᠠᠷ᠎ᠠ ᠪᠦᠷᠢ 50 ᠲᠥᠭᠦᠷᠢᠭ ᠤᠨ ᠠᠮᠢᠳᠤᠷᠠᠯ ᠤᠨ ᠨᠥᠬᠦᠪᠥᠷᠢ ᠨᠡᠮᠡᠵᠦ | ᠥᠭᠭᠦᠨ᠎ᠡ᠃ ᠨᠥᠬᠦᠴᠡᠯ ᠳᠤ ᠨᠡᠶᠢᠴᠡᠬᠦ ᠴᠥᠭᠡᠨ ᠲᠣᠭᠠᠲᠤ ᠦᠨᠳᠦᠰᠦᠲᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢ ᠤᠷᠢᠳᠠᠪᠠᠷ ᠬᠤᠲᠠ ᠶᠢᠨ ᠬᠢᠮᠳᠠ ᠲᠦᠷᠢᠶᠡᠰᠦᠨ ᠭᠡᠷ ᠪᠠᠶᠢᠰᠢᠩ ᠪᠤᠶᠤ | ᠬᠢᠮᠳᠠ ᠲᠣᠬᠢᠯᠢᠭ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠲᠤ ᠵᠢᠭᠰᠠᠭᠠᠨ ᠣᠷᠣᠭᠤᠯᠵᠤ᠂ ᠭᠡᠷ | ᠲᠤᠬᠢᠷᠠᠭᠤᠯᠤᠨ ᠲᠦᠷᠢᠶᠡᠰᠦᠯᠡᠭᠦᠯᠬᠦ ᠶᠢ ᠡᠩ ᠲᠡᠷᠢᠭᠦᠨ ᠳᠤ ᠬᠠᠩᠭᠠᠵᠤ᠂ ᠤᠤᠯ ᠤᠨ ᠣᠷᠣᠨ ᠰᠠᠭᠤᠴᠠ ᠶᠢᠨ | ᠳᠦᠷᠢᠶᠡᠰᠦᠯᠡᠯ ᠤᠨ ᠨᠥᠬᠦᠪᠥᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20% ᠪᠠᠷ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠨᠡᠭᠡᠭᠡᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ᠂ 5% — | 10% ᠶᠢᠨ ᠠᠵᠢᠯ ᠤᠨ ᠪᠠᠶᠢᠷᠢ ᠶᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠵᠤ᠂ | ᠠᠳᠠᠯᠢ ᠨᠥᠬᠦᠴᠡᠯ ᠤᠨ ᠳᠣᠤᠷ᠎ᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠤᠷᠢᠳᠠᠪᠠᠷ ᠡᠯᠰᠡᠨ | ᠬᠡᠷᠡᠭᠯᠡᠨ᠎ᠡ᠃ ᠠᠯᠪᠠᠲᠠᠨ ᠰᠢᠯᠭᠠᠵᠤ ᠡᠯᠰᠡᠬᠦ᠂ ᠠᠵᠢᠯ ᠦᠢᠯᠡᠰ ᠤᠨ ᠨᠢᠭᠡᠴᠡ ᠤᠷᠢᠵᠤ ᠬᠡᠷᠡᠭᠯᠡᠬᠦ ᠣᠶᠢᠶ᠎ᠠ ᠳᠤ | 15% ᠶᠢᠨ ᠠᠵᠢᠯ ᠤᠨ ᠪᠠᠶᠢᠷᠢ ᠶᠢ ᠬᠤᠪᠢᠶᠠᠷᠢᠯᠠᠨ ᠲᠣᠭᠲᠠᠭᠠᠵᠤ ᠴᠥᠭᠡᠨ ᠲᠣᠭᠠᠲᠤ ᠦᠨᠳᠦᠰᠦᠲᠡᠨ ᠳᠤ | ᠬᠠᠨᠳᠤᠭᠤᠯᠬᠤ ᠬᠡᠷᠡᠭᠲᠡᠶ᠃ | 4. ᠰᠤᠷᠪᠤᠯᠵᠢᠯᠠᠭᠴᠢ᠄ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠤᠯᠬᠤ ᠡᠴᠦᠰ ᠤᠨ ᠵᠢᠯ ᠮᠥᠨ᠂ ᠴᠥᠭᠡᠨ ᠲᠣᠭᠠᠲᠤ | ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠶᠠᠮᠠᠷ ᠶᠠᠮᠠᠷ ᠠᠵᠢᠯ | ᠥᠷᠨᠢᠭᠦᠯᠦᠭᠰᠡᠨ ᠪᠣᠶ︖ | ᠴᠡᠩᠭᠡᠯ᠄ ᠲᠥᠪ ᠠᠴᠠ ᠵᠢᠯ ᠪᠥᠷᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ | ᠪᠠᠭᠤᠯᠭᠠᠵᠤ᠂ ᠲᠤᠰ ᠪᠡᠯᠡ ᠮᠥᠩᠭᠦ ᠶᠢ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠤᠪᠢ ᠪᠠᠷ ᠪᠥᠬᠦᠨ ᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦᠯ ᠵᠦᠢᠯ ᠳᠤ ᠣᠷᠣᠭᠤᠯᠤᠨ᠎ᠠ᠃ 2014 | ᠣᠨ ᠠᠴᠠ ᠨᠠᠰᠢ᠂ ᠮᠠᠨ ᠤ ᠬᠤᠲᠠ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ | ᠨᠡᠶᠢᠲᠡ 2700 ᠭᠠᠷᠤᠶ ᠲᠥᠮᠡᠨ ᠲᠥᠭᠦᠷᠢᠭ ᠢ ᠡᠷᠡᠮᠡᠯᠵᠢᠯᠡᠨ ᠣᠯᠵᠤ᠂ ᠬᠥᠳᠡᠭᠡ ᠲᠣᠰᠬᠤᠨ ᠳᠤ ᠵᠠᠮ ᠵᠠᠰᠠᠬᠤ᠂ | ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠬᠦ ᠵᠡᠷᠭᠡ 58 ᠲᠥᠷᠥᠯ ᠵᠦᠢᠯ ᠳᠤ ᠬᠡᠷᠡᠭᠯᠡᠵᠦ᠂ 2 ᠲᠦᠮᠡ ᠭᠠᠷᠤᠶ ᠦᠨᠳᠦᠰᠦᠲᠡᠨ ᠨᠦᠭᠦᠳ ᠤᠨ ᠤᠯᠠᠨ | ᠲᠦᠮᠡᠨ ᠳᠤ ᠠᠰᠢᠭ ᠬᠦᠷᠲᠡᠭᠡᠪᠡ᠃ ᠪᠢᠳᠡ 6 ᠠᠵᠤ ᠠᠬᠤᠶᠢᠯᠠᠯ ᠳᠤ ᠴᠥᠭᠡᠨ ᠲᠣᠭᠠᠲᠤ ᠦᠨᠳᠦᠰᠦᠲᠡᠨ ᠤ ᠠᠵᠢᠯ | ᠣᠯᠵᠤ ᠦᠢᠯᠡᠰ ᠴᠣᠭᠴᠠᠯᠠᠬᠤ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠬᠦᠯᠡᠮᠵᠢ ᠶᠢᠨ ᠲᠠᠷᠢᠮᠠᠯ᠂ | ᠦᠵᠦᠮ ᠤᠨ ᠲᠠᠷᠢᠮᠠᠯ᠂ ᠠᠳᠠᠯ ᠠᠬᠤᠢ ᠶᠢᠨ ᠦᠢᠯᠡᠴᠢᠯᠡᠭᠡ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠡᠯ᠎ᠡ | ᠲᠥᠷᠥᠯ ᠤᠨ ᠮᠡᠷᠭᠡᠵᠢᠯ ᠤᠨ ᠪᠣᠯᠪᠠᠰᠤᠷᠠᠯ ᠪᠣᠯᠤᠨ ᠦᠢᠯᠡᠰ ᠪᠣᠰᠬᠠᠬᠤ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠨ | ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠬᠠᠪᠰᠤᠷᠤᠨ ᠠᠵᠢᠯ ᠣᠯᠭᠤᠬᠤ ᠪᠠ ᠡᠭᠦᠳᠦᠨ | ᠪᠠᠶᠢᠭᠤᠯᠬᠤ ᠶᠢ ᠳᠡᠮᠵᠢᠵᠦ᠂ ᠣᠳᠣᠬᠠᠨ ᠪᠣᠯᠲᠠᠯ᠎ᠠ ᠡᠯ᠎ᠡ ᠦᠨᠳᠦᠰᠦᠲᠡᠨ ᠤ ᠣᠯᠠᠨ ᠲᠦᠮᠡᠨ ᠢ 1600 ᠭᠠᠷᠤᠶ | ᠬᠥᠮᠦᠨ ᠪᠣᠯᠪᠠᠰᠤᠷᠠᠯ ᠳᠤ ᠣᠷᠤᠯᠴᠠᠵᠤ᠂ ᠡᠭᠦᠨ ᠤ ᠳᠣᠲᠣᠷ᠎ᠠ 300 ᠭᠠᠷᠤᠶ ᠬᠥᠮᠦᠨ ᠨᠢ ᠪᠣᠯᠪᠠᠰᠤᠷᠠᠯ ᠤᠨ ᠳᠠᠷᠠᠭ᠎ᠠ | ᠠᠵᠢᠯ ᠣᠯᠤᠭᠰᠠᠨ ᠪᠠᠶᠢᠨ᠎ᠠ᠃ ᠪᠠᠰᠠ ᠨᠢᠭᠡ ᠨᠢ ᠴᠥᠭᠡᠨ ᠲᠣᠭᠠᠲᠤ ᠦᠨᠳᠦᠰᠦᠲᠡᠨ ᠤ ᠤᠶᠤᠲᠠᠳ ᠲᠤ | ᠲᠤᠰᠠᠯᠠᠮᠵᠢ ᠶᠢᠨ ᠮᠥᠩᠭᠦ ᠣᠯᠭᠤᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠰᠤᠷᠤᠯᠭ᠎ᠠ ᠪᠠᠨ | ᠲᠡᠭᠦᠰᠬᠡᠬᠦ ᠶᠢ ᠳᠡᠮᠵᠢᠬᠦ ᠪᠠ ᠵᠣᠷᠢᠭᠵᠢᠭᠤᠯᠬᠤ ᠪᠣᠯ ᠮᠥᠨ ᠴᠦ ᠮᠠᠨ ᠤ ᠬᠤᠲᠠ ᠶᠢᠨ ᠴᠥᠭᠡᠨ ᠲᠣᠭᠠᠲᠤ | ᠦᠨᠳᠦᠰᠦᠲᠡᠨ ᠤ ᠰᠤᠷᠤᠭᠴᠢᠳ ᠤᠨ ᠡᠳ᠋ᠯᠡᠵᠦ ᠪᠣᠯᠬᠤ ᠨᠢᠭᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠪᠣᠯᠤᠨ᠎ᠠ᠃ ᠮᠣᠩᠭᠤᠯ ᠢᠶᠠᠷ ᠬᠢᠴᠢᠶᠡᠯᠯᠡᠬᠦ ᠰᠤᠷᠤᠭᠴᠢ ᠵᠢᠩᠬᠢᠨᠢ ᠠᠩᠭᠢ ᠳᠤ ᠰᠢᠯᠭᠠᠨ ᠣᠷᠣᠬᠤ ᠳᠤ ᠨᠢᠭᠡ | ᠤᠳᠠᠭ᠎ᠠ ᠶᠢᠨ ᠴᠢᠨᠠᠷᠲᠠᠶ 10000 ᠲᠥᠭᠦᠷᠢᠭ ᠤᠨ ᠲᠤᠰᠠᠯᠠᠮᠵᠢ ᠦᠵᠡᠭᠦᠯᠵᠦ᠂ ᠮᠣᠩᠭᠤᠯ ᠢᠶᠠᠷ ᠬᠢᠴᠢᠶᠡᠯᠯᠡᠭᠰᠡᠨ | ᠦᠭᠡᠢ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠰᠠᠳ ᠤᠨ ᠵᠢᠩᠬᠢᠨᠢ ᠠᠩᠭᠢ ᠳᠤ ᠰᠢᠯᠭᠠᠨ ᠣᠷᠤᠬᠤ ᠳᠤ | ᠨᠢᠭᠡ ᠤᠳᠠᠭ᠎ᠠ ᠶᠢᠨ ᠴᠢᠨᠠᠷᠲᠠᠶ 5000 ᠲᠥᠭᠦᠷᠢᠭ ᠤᠨ ᠲᠤᠰᠠᠯᠠᠮᠵᠢ ᠦᠵᠡᠭᠦᠯᠦᠨ᠎ᠡ᠃ 2014 ᠣᠨ ᠠᠴᠠ ᠨᠠᠰᠢ᠂ | ᠴᠥᠭᠡᠨ ᠲᠣᠭᠠᠲᠤ ᠦᠨᠳᠦᠰᠦᠲᠡᠨ ᠤ 1009 ᠰᠤᠷᠤᠭᠴᠢᠳ ᠲᠤ 505 ᠲᠦᠮᠡᠨ ᠲᠥᠭᠦᠷᠢᠭ ᠤᠨ ᠪᠡᠯᠡ ᠮᠥᠩᠭᠦ | ᠲᠠᠷᠬᠠᠭᠠᠪᠠ᠃ | ᠪᠥᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠭᠡ 24᠂ ᠶᠠᠳᠠᠭᠤ ᠬᠦᠴᠢᠷᠳᠡᠯᠲᠡᠶ ᠬᠥᠮᠦᠨ ᠠᠮᠠ 46 ᠪᠠᠶᠢᠵᠤ᠂ ᠣᠳᠣ ᠨᠢᠭᠡᠨᠲᠡ ᠪᠦᠬᠦᠨ ᠢᠶᠠᠷ ᠢᠶᠠᠨ | ᠶᠠᠳᠠᠭᠤ ᠠᠴᠠ ᠠᠩᠭᠢᠵᠢᠷᠠᠪᠠ᠃ | 5. ᠰᠤᠷᠪᠤᠯᠵᠢᠯᠠᠭᠴᠢ᠄ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠦᠨᠳᠦᠰᠦᠲᠡᠨ ᠤ | ᠬᠡᠷᠡᠭ ᠶᠠᠪᠤᠳᠠᠯ ᠢᠶᠠᠨ ᠬᠡᠷᠬᠢᠨ ᠬᠠᠤᠯᠢ ᠶᠣᠰᠣᠭᠠᠷ ᠬᠠᠮᠢᠶᠠᠷᠴᠤ᠂ ᠬᠠᠤᠯᠢ ᠶᠢᠨ ᠡᠮᠦᠨ᠎ᠡ ᠡᠯ᠎ᠡ ᠦᠨᠳᠦᠰᠦᠲᠡᠨ ᠤ | ᠣᠯᠠᠨ ᠲᠥᠮᠡᠨ ᠬᠦᠮᠦᠨ ᠪᠥᠬᠦᠨ ᠡᠷᠬᠡ ᠲᠡᠭᠰᠢ ᠪᠣᠯᠬᠤ ᠶᠢ ᠬᠡᠷᠬᠢᠨ ᠪᠠᠲᠤᠯᠠᠬᠤ ᠪᠣᠶ︖ | ᠬᠠᠷᠢᠭᠤᠯᠲᠠ᠄ ᠦᠬᠠᠶ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠵᠣᠬᠢᠴᠠᠭᠤᠯᠤᠨ | ᠤᠳᠤᠷᠢᠳᠬᠤ ᠳᠤᠭᠤᠶᠢᠯᠠᠩ ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ ᠦᠨᠳᠦᠰᠦᠲᠡᠨ ᠤ | ᠪᠦᠯᠬᠦᠮᠳᠡᠯ ᠢ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠵᠢᠯᠤᠭᠤᠳᠤᠯᠭ᠎ᠠ ᠶᠢ ᠴᠢᠩᠭᠠᠳᠬᠠᠪᠠ᠃ | ᠪᠠᠶᠢᠭᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠵᠠᠰᠠᠬᠤ ᠤᠬᠠᠭᠤᠯᠭ᠎ᠠ ᠢ ᠤᠷᠲᠤ ᠬᠤᠭᠤᠴᠠᠭ᠎ᠠ ᠪᠠᠷ ᠥᠷᠨᠢᠭᠦᠯᠵᠦ᠂ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠤᠨ | ᠠᠩᠭᠢ ᠶᠢ ᠡᠷᠬᠢᠯᠡᠵᠦ᠂ ᠺᠠᠳ᠋ᠷ ᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠶᠢ | ᠳᠡᠭᠡᠭᠰᠢᠯᠡᠭᠦᠯᠪᠡ᠃ ᠠᠷᠠᠳ ᠤᠨ ᠡᠶᠡᠳᠡᠭᠦᠯᠭᠡ ᠳᠤ ᠴᠥᠭᠡᠨ ᠲᠣᠭᠠᠲᠤ ᠦᠨᠳᠦᠰᠦᠲᠡᠨ ᠤ ᠰᠠᠨᠠᠯ ᠪᠠ ᠬᠦᠰᠡᠯ | ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ | ᠬᠤᠯᠪᠣᠭᠳᠠᠭᠰᠠᠨ ᠵᠥᠷᠢᠴᠡᠯ ᠪᠠ ᠵᠢᠭᠤᠷᠠᠯᠳᠤᠭᠠᠨ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ | ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠦᠨᠡᠨ ᠬᠦ | ᠬᠠᠮᠠᠭᠠᠯᠠᠪᠠ︔ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠢ ᠥᠷᠨᠢᠭᠦᠯᠬᠦ ᠶᠠᠪᠤᠴᠠ ᠳᠤ᠂ ᠴᠥᠭᠡᠨ | ᠲᠣᠭᠠᠲᠤ ᠦᠨᠳᠦᠰᠦᠲᠡᠨ ᠳᠤ ᠬᠤᠯᠪᠣᠭᠳᠠᠭᠰᠠᠨ ᠬᠦᠴᠢᠷᠳᠡᠯ ᠲᠠᠢ ᠬᠠᠮᠲᠤᠯᠢᠭ ᠬᠠᠤᠯᠢ ᠴᠠᠭᠠᠵᠠ ᠪᠠ ᠲᠦᠷᠦ ᠶᠢᠨ | ᠪᠤᠳᠤᠯᠭ᠎ᠠ ᠶᠢᠨ ᠬᠡᠪᠴᠢᠶᠡᠨ ᠳᠣᠲᠣᠷ᠎ᠠ ᠠᠯᠢ ᠴᠢᠳᠠᠬᠤ ᠪᠠᠷ ᠡᠯ᠎ᠡ ᠵᠦᠢᠯ ᠤᠨ ᠳᠥᠭᠦᠮ ᠨᠥᠬᠦᠴᠡᠯ ᠢ ᠬᠠᠩᠭᠠᠵᠤ᠂ | ᠨᠠᠮ ᠤᠨ ︽ᠠᠷᠠᠳ ᠤᠨ ᠰᠡᠳᠬᠢᠯᠭᠡ ᠶᠢᠨ ᠢᠨᠵᠧᠨᠧᠷᠢᠩ︾ ᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ | ᠶᠠᠪᠤᠴᠠ ᠳᠤ ᠬᠠᠤᠯᠢ ᠴᠠᠭᠠᠵᠠ ᠶᠢᠨ ᠲᠤᠰᠠᠯᠠᠮᠵᠢ ᠨᠢ ᠥᠪᠡᠷᠮᠢᠴᠡ ᠦᠢᠯᠡᠳᠦᠯ ᠢᠶᠠᠨ ᠪᠠᠳᠠᠷᠠᠭᠤᠯᠪᠠ︔ ᠴᠥᠭᠡᠨ | ᠲᠣᠭᠠᠲᠤ ᠦᠨᠳᠦᠰᠦᠲᠡᠨ ᠤ ᠣᠯᠠᠨ ᠲᠦᠮᠡᠨ ᠤ ᠭᠡᠷ ᠪᠦᠯᠢ ᠶᠢᠨ ᠰᠤᠷᠪᠤᠯᠵᠢᠯᠠᠭ᠎ᠠ᠂ ᠬᠠᠷᠢᠭᠤ ᠰᠤᠷᠪᠤᠯᠵᠢᠯᠠᠭ᠎ᠠ ᠵᠡᠷᠭᠡ | ᠠᠵᠢᠯ ᠤᠨ ᠳᠤᠮᠳᠠ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠶᠢ ᠴᠢᠬᠤᠯᠠᠴᠢᠯᠠᠵᠤ᠂ | ᠬᠠᠤᠯᠢ ᠰᠠᠬᠢᠯᠭ᠎ᠠ ᠶᠢᠨ ᠡᠩ ᠤᠨ ᠬᠥᠮᠦᠵᠢᠯ ᠢ ᠥᠷᠨᠢᠭᠦᠯᠬᠦ ᠶᠢᠨ ᠬᠠᠮᠲᠤ᠂ ᠦᠨᠳᠦᠰᠦᠲᠡᠨ ᠤ ᠪᠦᠯᠬᠦᠮᠳᠡᠯ ᠵᠡᠷᠭᠡ | ᠠᠭᠤᠯᠭ᠎ᠠ ᠳᠤ ᠠᠭᠤᠰᠤᠨ ᠣᠷᠣᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ | ᠬᠠᠮᠲᠤ ᠦᠨᠳᠦᠰᠦᠲᠡᠨ ᠤ ᠪᠦᠯᠬᠦᠮᠳᠡᠯ ᠢ ᠠᠬᠢᠭᠤᠯᠪᠠ᠃ | ᠦᠨᠳᠦᠰᠦᠨ ᠬᠠᠤᠯᠢ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ | ᠤᠬᠠᠭᠤᠯᠭ᠎ᠠ ᠶᠢ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠭᠤᠤᠯᠳᠠᠯᠭ᠎ᠠ ᠪᠣᠯᠭᠠᠨ | ᠤᠬᠠᠭᠤᠯᠪᠠ᠂ ᠢᠯᠠᠩᠭᠤᠶ᠎ᠠ ᠵᠠᠯᠠᠭᠤᠴᠤᠳ ᠪᠠᠭᠠᠴᠤᠳ᠂ ᠵᠠᠭᠤᠴᠢᠯᠠᠭᠤᠷ ᠤᠨ ᠠᠵᠢᠯ ᠡᠷᠬᠢᠯᠡᠭᠰᠡᠳ᠂ ᠠᠵᠤ | ᠠᠬᠤᠶᠢᠯᠠᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠠᠵᠢᠯᠲᠠᠨ᠂ ᠬᠤᠲᠠ ᠶᠢᠨ ᠶᠠᠪᠤᠭᠤᠯ ᠬᠥᠮᠦᠨ ᠠᠮᠠ ᠳᠤ | ᠤᠬᠠᠭᠤᠯᠭ᠎ᠠ ᠬᠥᠮᠦᠵᠢᠯ ᠬᠢᠬᠦ ᠪᠠᠨ ᠴᠢᠩᠭᠠᠳᠬᠠᠪᠠ᠃ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ | ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠯᠲᠠ ᠬᠢᠪᠡ᠃ | ᠦᠨᠳᠦᠰᠦᠲᠡᠨ ᠨᠦᠭᠦᠳ ᠤᠨ ᠠᠷᠠᠳ ᠢᠷᠭᠡᠨ ᠤ ᠬᠦᠮᠦᠨ ᠪᠥᠬᠦᠨ ᠡᠷᠬᠡ ᠲᠡᠭᠰᠢ ᠶᠢ ᠬᠠᠤᠯᠢ ᠶᠣᠰᠣᠭᠠᠷ | ᠬᠠᠮᠠᠭᠠᠯᠠᠨ᠎ᠠ᠃ ᠦᠨᠳᠦᠰᠦᠨ ᠬᠠᠤᠯᠢ ᠶᠢᠨ ᠲᠣᠭᠲᠠᠭᠠᠯ ᠶᠣᠰᠣᠭᠠᠷ ᠡᠯ᠎ᠡ ᠦᠨᠳᠦᠰᠦᠲᠡᠨ ᠤ ᠠᠷᠠᠳ ᠢᠷᠭᠡᠨ ᠤ | ᠨᠡᠶᠢᠭᠡᠮ ᠤᠨ ᠠᠮᠢᠳᠤᠷᠠᠯ ᠳᠤᠮᠳᠠᠬᠢ ᠡᠷᠬᠡ ᠲᠡᠭᠰᠢ ᠡᠷᠬᠡ ᠶᠢ ᠪᠠᠲᠤᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠬᠠᠤᠯᠢ ᠶᠣᠰᠣᠭᠠᠷ ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠪᠠᠷ | ᠬᠥᠭᠵᠢᠬᠦ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠲᠤᠰ | ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠪᠠ ᠬᠥᠭᠵᠢᠭᠦᠯᠬᠦ ᠡᠷᠬᠡ ᠴᠢᠯᠥᠭᠡ ᠲᠠᠢ | ᠪᠠᠶᠢᠬᠤ ᠶᠢ ᠪᠠᠲᠤᠯᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ | ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ | ᠰᠤᠷᠤᠯᠴᠠᠬᠤ ᠶᠢ ᠵᠣᠷᠢᠭᠵᠢᠭᠤᠯᠤᠨ᠎ᠠ᠃ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠲᠤᠰ | ᠦᠨᠳᠦᠰᠦᠲᠡᠨ ᠤ ᠪᠠᠨ ᠵᠠᠩ ᠳᠠᠳᠬᠠᠯ ᠢᠶᠠᠨ ᠬᠠᠳᠠᠭᠠᠯᠠᠬᠤ ᠪᠤᠶᠤ ᠰᠠᠶᠢᠵᠢᠷᠠᠭᠤᠯᠬᠤ ᠡᠷᠬᠡ ᠴᠢᠯᠥᠭᠡ ᠶᠢ ᠬᠦᠨᠳᠦᠳᠬᠡᠨ | ᠪᠠᠲᠤᠯᠠᠨ᠎ᠠ᠃ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠱᠠᠰᠢᠨ ᠰᠢᠲᠦᠯᠭᠡ ᠶᠢᠨ ᠡᠷᠬᠡ ᠴᠢᠯᠥᠭᠡ ᠶᠢ | ᠬᠦᠨᠳᠦᠳᠬᠡᠨ ᠪᠠᠲᠤᠯᠠᠨ᠎ᠠ᠃ | ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ | ᠰᠢᠢᠳᠪᠦᠷᠢᠯᠡᠵᠦ᠂ ᠬᠠᠤᠯᠢ ᠪᠠᠷ ᠵᠠᠰᠠᠬᠤ ᠵᠠᠮ ᠳᠡᠭᠡᠷ᠎ᠡ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ | ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠎ᠠ᠃ ᠶᠠᠮᠠᠷ ᠠᠰᠠᠭᠤᠳᠠᠯ ᠪᠣᠯ ᠲᠡᠷᠡ ᠠᠰᠠᠭᠤᠳᠠᠯ ᠢᠶᠠᠷ ᠨᠢ | ᠰᠢᠢᠳᠪᠦᠷᠢᠯᠡᠬᠦ ᠶᠢ ᠪᠠᠷᠢᠮᠲᠠᠯᠠᠵᠤ᠂ ᠴᠥᠬᠡᠨ ᠲᠣᠭᠠᠲᠤ ᠦᠨᠳᠦᠰᠦᠲᠡᠨ ᠤ ᠨᠡᠷ᠎ᠡ ᠪᠠᠷ ᠬᠠᠤᠯᠢ ᠬᠡᠷᠡᠭᠵᠢᠭᠦᠯᠬᠦ ᠦᠭᠡᠶ | ᠪᠣᠯ ᠴᠥᠭᠡᠨ ᠲᠣᠭᠠᠲᠤ ᠦᠨᠳᠦᠰᠦᠲᠡᠨ ᠤ ᠪᠥᠷᠢᠯᠳᠦᠭᠦᠨ ᠳᠤ ᠬᠤᠯᠪᠣᠭᠳᠠᠭᠰᠠᠨ ᠢᠷᠭᠡᠨ ᠤ ᠬᠡᠷᠡᠭ ᠪᠣᠯᠤᠨ | ᠡᠷᠡᠭᠦᠤ ᠶᠢᠨ ᠬᠡᠷᠡᠭ ᠤᠨ ᠠᠰᠠᠭᠤᠳᠠᠯ ᠢ ᠳᠥᠭᠦᠮ ᠢᠶᠠᠷ ᠦᠨᠳᠦᠰᠦᠲᠡᠨ ᠤ ᠠᠰᠠᠭᠤᠳᠠᠯ ᠪᠣᠯᠭᠠᠨ ᠬᠤᠷᠢᠶᠠᠩᠭᠤᠶᠢᠯᠠᠵᠤ | ᠪᠣᠯᠬᠤ ᠦᠭᠡᠶ᠃ ᠦᠨᠳᠦᠰᠦᠲᠡᠨ ᠤ ᠭᠠᠵᠠᠷ ᠣᠷᠣᠨ ᠳᠤ ᠡᠭᠦᠰᠦᠭᠰᠡᠨ ᠨᠡᠶᠢᠭᠡᠮ ᠤᠨ ᠡᠩ ᠤᠨ ᠵᠥᠷᠢᠴᠡᠯ ᠢ | ᠳᠥᠭᠦᠮᠬᠡᠨ ᠢᠶᠠᠷ ᠦᠨᠳᠦᠰᠦᠲᠡᠨ᠊ ᠤ ᠵᠥᠷᠢᠴᠡᠯ ᠳᠤ ᠬᠤᠷᠢᠶᠠᠩᠭᠤᠶᠢᠯᠠᠵᠤ ᠪᠣᠯᠬᠤ ᠦᠭᠡᠢ᠃ | ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠪᠠ ᠱᠠᠰᠢᠨ ᠰᠤᠷᠲᠠᠬᠤᠨ ᠤ ᠬᠡᠲᠦᠷᠡᠮᠡᠬᠡᠶ ᠦᠵᠡᠯ ᠳᠤ ᠬᠠᠤᠯᠢ | ᠶᠣᠰᠤᠭᠠᠷ ᠴᠣᠬᠢᠯᠲᠠ ᠥᠭᠬᠦ ᠶᠢ ᠪᠠᠷᠢᠮᠲᠠᠯᠠᠨ᠎ᠠ᠃ |