ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠲᠡᠮᠵᠢᠭᠰᠡᠨ ᠡᠮᠴᠢᠯᠡᠭᠡᠨ  ᠤ ᠠᠩᠭᠢ ᠢᠯᠠᠯᠲᠠ ᠲᠠᠢ ᠪᠤᠴᠠᠪᠠ
ᠨᠡᠶᠢᠲᠡᠯᠡᠭᠰᠡᠨ ᠴᠠᠭ᠄
2020/11/26
     11 ᠰᠠᠷ᠎ᠠ ᠶᠢᠨ 25 ᠤ ᠡᠳᠦᠷ᠂ ᠮᠠᠨ ᠤ ᠬᠤᠲᠠ ᠦᠬᠠᠶ ᠶᠢᠨ ᠨᠢᠰᠬᠡᠯ ᠤᠨ ᠪᠠᠭᠤᠳᠠᠯ ᠳᠤ ᠤᠭᠲᠤᠬᠤ ᠶᠣᠰᠣᠯᠠᠯ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠲᠡᠮᠵᠢᠭᠰᠡᠨ ᠠᠷᠪᠠᠨ ᠬᠤᠶᠠᠳᠤᠭᠠᠷ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠴᠤᠪᠤᠭ᠎ᠠ ᠠᠩᠭᠢ ᠶᠢᠨ ᠡᠮᠴᠢ ᠰᠣᠪᠢᠯᠠᠭᠴᠢᠳ ᠤᠨ ᠢᠯᠠᠯᠲᠠ ᠲᠠᠢ ᠪᠤᠴᠠᠵᠤ ᠢᠷᠡᠬᠦ ᠶᠢ ᠬᠠᠯᠠᠭᠤᠨ ᠢᠶᠠᠷ ᠤᠭᠲᠤᠪᠠ᠃      ᠤᠭᠲᠤᠬᠤ ᠶᠣᠰᠣᠯᠠᠯ ᠳᠡᠭᠡᠷ᠎ᠡ᠂ ᠬᠢᠵᠢᠭ ᠤᠨ ᠪᠠᠶᠢᠳᠠᠯ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠠᠩᠭᠢ ᠶᠢᠨ ᠳᠠᠷᠤᠭ᠎ᠠ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠳᠤ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠤᠰᠢᠭᠤᠴᠢ ᠠᠩᠭᠢ︾ ᠶᠢᠨ ᠲᠤᠭ ᠢᠶᠠᠨ ᠲᠤᠰᠢᠶᠠᠨ ᠥᠭᠪᠡ᠃ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠢᠵᠢᠭ ᠤᠨ ᠪᠠᠶᠢᠳᠠᠯ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠠᠩᠭᠢ ᠶᠢᠨ ᠠᠵᠢᠯ ᠤᠨ ᠳᠤᠮᠳᠠ ᠢᠯᠡᠷᠡᠭᠦᠯᠦᠭᠰᠡᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠬᠦᠴᠢᠷ ᠠᠴᠠ ᠠᠶᠤᠬᠤ ᠦᠭᠡᠶ ᠭᠤᠶᠠᠴᠢ ᠦᠭᠡᠶ ᠵᠢᠳᠬᠦᠬᠦ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠭᠢᠯ ᠤᠨ ᠲᠠᠯᠠᠷᠬᠠᠯ ᠢᠶᠠᠨ ᠲᠡᠪᠰᠢᠬᠦᠯᠵᠦ᠂ ᠣᠯᠠᠨ ᠢᠶᠠᠷ ᠢᠶᠠᠨ ᠡᠮᠦᠨ᠎ᠡ ᠹᠷᠣᠨᠲ ᠲᠤ ᠬᠢᠵᠢᠭ ᠢ ᠡᠰᠡᠷᠭᠦᠴᠡᠭᠰᠡᠨ ᠲᠤᠷᠰᠢᠯᠭ᠎ᠠ᠂ ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠪᠠᠨ ᠠᠵᠢᠯ ᠤᠨ ᠲᠤᠮᠳᠠ ᠪᠠᠨ ᠢᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠦ ᠵᠤᠷᠢᠭᠵᠢᠭᠤᠯᠵᠠᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ 10 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠢᠷᠡᠭᠰᠡᠨ 38 ᠡᠮᠨᠡᠯᠭᠡ ᠶᠢᠨ ᠠᠵᠢᠯᠲᠠᠨ ᠢᠶᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠤᠨ ᠠᠷᠪᠠᠨ ᠬᠤᠶᠠᠳᠤᠭᠠᠷ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠴᠤᠪᠤᠭ᠎ᠠ ᠠᠩᠭᠢ ᠬᠥᠬᠡᠬᠤᠲᠠ ᠳᠤ ᠮᠣᠷᠳᠠᠪᠠ᠃ ᠬᠥᠬᠡᠬᠤᠲᠠ ᠪᠣᠭᠤᠮᠲᠠ᠂ ᠬᠢᠯᠢ ᠶᠢᠨ ᠪᠠᠶᠢᠴᠠᠭᠠᠬᠤ ᠰᠠᠯᠠᠭ᠎ᠠ ᠮᠥᠴᠢᠷ ᠢ ᠳᠡᠮᠵᠢᠵᠦ ᠪᠠᠶᠢᠭᠠᠳ ᠬᠢᠯᠢ ᠳᠤ ᠣᠷᠣᠵᠤ ᠢᠷᠡᠬᠦ ᠡᠭᠡᠯᠵᠢ ᠶᠢᠨ ᠨᠢᠰᠬᠡᠯ ᠤᠨ ᠠᠶᠠᠨᠴᠢᠳ ᠢ ᠵᠢᠭᠰᠠᠭᠠᠨ ᠪᠠᠶᠢᠴᠠᠭᠠᠬᠤ᠂ ᠶᠠᠩᠵᠤ ᠠᠪᠬᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠡᠮᠴᠢᠯᠡᠬᠡᠨ ᠤ ᠠᠩᠭᠢ ᠶᠢᠨ ᠬᠢᠨ ᠴᠠᠭᠠᠨ ᠤᠷᠤᠰ᠂ ᠫᠤᠯᠠᠨᠳ᠋ ᠵᠡᠷᠭᠡ ᠤᠯᠤᠰ ᠠᠴᠠ 6 ᠤᠳᠠᠭ᠎ᠠ ᠰᠠᠯᠭᠠᠨ ᠢᠷᠡᠭᠦᠯᠦᠭᠰᠡᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠲᠣᠰᠴᠤ ᠠᠪᠬᠤ ᠡᠭᠦᠷᠭᠡ ᠶᠢ ᠪᠡᠶᠡᠯᠡᠭᠦᠯᠵᠦ᠂ 1176 ᠬᠥᠮᠦᠨ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 31 ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠵᠢᠭᠰᠠᠭᠠᠨ ᠪᠠᠶᠢᠴᠠᠭᠠᠵᠤ᠂ ᠲᠤᠰᠠᠯᠠᠨ ᠲᠡᠮᠵᠢᠭᠰᠡᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ᠃    
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map