ᠮᠠᠨ ᠤ ᠬᠤᠲᠠ ᠶᠢᠨ 3 ᠨᠡᠷᠡᠰ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢᠷᠠᠭᠤ ᠠᠯᠳᠠᠷ ᠲᠠᠢ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2020/11/27
     ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 11 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ 25 ᠤ ᠡᠳᠦᠷ᠂ ᠮᠠᠨ ᠤ ᠬᠤᠲᠠ ᠶᠢᠨ 3 ᠨᠡᠷᠡᠰ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢᠷᠠᠭᠤ ᠠᠯᠳᠠᠷᠲᠠᠶ ᠪᠠᠷ ᠪᠤᠴᠠᠵᠤ ᠢᠷᠡᠪᠡ᠃      3 ᠨᠡᠷᠡᠰ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠪᠣᠯ᠄ ᠬᠠᠶᠢᠷᠤᠪ ᠤᠨ ᠲᠤᠬᠤᠢ ᠶᠢᠨ ᠬᠤᠲᠠ ᠶᠢᠨ ᠤᠰᠤ ᠬᠠᠩᠭᠠᠬᠤ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠬᠡᠯᠲᠡᠰ ᠤᠨ ᠬᠡᠮᠵᠢᠬᠦᠷ ᠲᠡᠮᠳᠡᠭᠯᠡᠬᠦ ᠭᠠᠵᠠᠷ ᠤᠨ ᠡᠮᠦᠨᠡᠲᠤ ᠬᠡᠰᠡᠭ ᠤᠨ ᠳᠤᠭᠤᠶᠢᠯᠠᠩ ᠤᠨ ᠳᠠᠷᠤᠭ᠎ᠠ ᠠᠯᠲᠠᠨᠲᠤᠶᠠᠭ᠎ᠠ︔ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠬᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠰᠢ ᠯᠠᠶ ᠹᠧᠩ ᠬᠤᠪᠢᠶᠠᠷᠢ ᠺᠣᠮᠫᠠᠨᠢ ᠶᠢᠨ ᠮᠧᠲ᠋ᠢᠯ ᠠᠯᠺᠣᠣᠯ ᠤᠨ ᠦᠢᠯᠡᠳᠪᠦᠷᠢ ᠶᠢᠨ ᠰᠡᠯᠪᠢᠨ ᠵᠠᠰᠠᠬᠤ ᠲᠠᠰᠤᠭ ᠤᠨ ᠮᠡᠷᠭᠡᠵᠢᠯ ᠤᠨ ᠠᠵᠢᠯᠴᠢᠨ᠂ ᠮᠡᠷᠭᠡᠵᠢᠯᠲᠡᠨ ᠠᠨ ᠱᠢ ᠱᠦᠶ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢᠦ ᠵᠢᠶᠠᠨ ᠫᠢᠩ ᠪᠤᠯᠤᠨ᠎ᠠ᠃      3 ᠨᠡᠷᠡᠰ ᠬᠥᠬᠢᠭᠦᠯᠦᠭᠳᠡᠭᠰᠡᠳ ᠢᠯᠡᠷᠭᠡᠶᠢᠯᠡᠭᠰᠡᠨ ᠨᠢ᠂ ᠡᠨᠡᠬᠦ ᠡᠷᠬᠢᠮ ᠳᠡᠭᠡᠳᠦ ᠢᠷᠠᠭᠤ ᠠᠯᠳᠠᠷ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠶ ᠶᠤᠮ᠂ ᠬᠤᠶᠢᠰᠢᠳᠠ ᠶᠢᠨ ᠠᠵᠢᠯ ᠤᠨ ᠲᠤᠮᠳᠠ ᠪᠠᠨ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠳᠠᠬᠢᠨᠲᠠ ᠰᠢᠯᠢᠳᠡᠭ ᠠᠮᠵᠢᠯᠲᠠ ᠭᠠᠷᠭᠠᠵᠤ᠂ ᠰᠢᠨ᠎ᠡ ᠭᠠᠪᠢᠶ᠎ᠠ ᠪᠠᠶᠢᠭᠤᠯᠤᠨ᠎ᠠ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map