11 ᠰᠠᠷ᠎ᠠ ᠶᠢᠨ 25 ᠤ ᠡᠳᠦᠷ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨ ᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ︾ ᠬᠡᠬᠦ | ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠦᠬᠠᠶ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠥᠪᠡᠷᠲᠡᠭᠡᠨ ᠵᠠᠰᠠᠬᠤ ᠣᠷᠣᠨ ᠤ | ︿ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ﹀ ᠤᠨ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠶᠢᠨ ᠬᠤᠷᠠᠯ︾ ᠢ ᠡᠷᠭᠢᠯᠡᠭᠰᠡᠨ ᠪᠦᠭᠡᠳ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠠᠢ | ᠬᠠᠮᠲᠤ ᠪᠠᠷ ᠶᠠᠷᠢᠯᠴᠠᠬᠤ ᠬᠤᠷᠠᠯ ᠬᠤᠷᠠᠯᠳᠣᠭᠤᠯᠪᠠ᠃ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠹᠦ᠋ ᠰᠦᠸᠧ ᠭᠧᠨ ᠫᠷᠤᠹᠧᠰᠰᠤᠷ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠢ ᠬᠤᠷᠠᠯᠳᠤᠭᠤᠯᠤᠭᠰᠠᠨ | ᠲᠡᠦᠭᠡᠨ ᠠᠬᠤᠢ ᠪᠠᠶᠢᠳᠠᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ | ᠬᠤᠭᠤᠴᠠᠭᠠᠨ ᠳᠤ ᠮᠠᠨ ᠤ ᠤᠯᠤᠰ ᠤᠨ ᠣᠯᠤᠭᠰᠠᠨ ᠠᠮᠵᠢᠯᠲᠠ ᠪᠦᠲᠦᠮᠵᠢ᠂ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠵᠡᠷᠭᠡ ᠠᠭᠤᠯᠭ᠎ᠠ ᠶᠢᠨ ᠲᠣᠭᠤᠷᠢᠨ ᠳᠤ | ᠤᠬᠠᠭᠤᠯᠤᠨ ᠲᠠᠶᠢᠯᠪᠤᠷᠢᠯᠠᠪᠠ᠃ ᠮᠡᠳᠡᠭᠦᠯᠦᠯᠲᠡ ᠶᠢᠨ ᠬᠤᠷᠠᠯ ᠤᠨ ᠠᠭᠤᠯᠭ᠎ᠠ ᠪᠠᠶᠠᠯᠢᠭ ᠪᠦᠭᠡᠳ ᠭᠦᠨᠵᠡᠭᠡᠶ᠂ | ᠬᠥᠮᠦᠨ ᠤ ᠪᠠᠭ᠋ᠠᠷᠬᠠᠯ ᠢ ᠲᠠᠳᠠᠪᠠ᠃ | ᠦᠬᠠᠶ ᠶᠢᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠶᠢᠨ ᠰᠤᠷᠤᠭᠴᠢ ᠳ᠋ᠦᠩ ᠰᠢᠶᠠᠨ᠄ ︽ᠹᠦ᠋ | ᠫᠷᠣᠫᠧᠰᠰᠤᠷ ᠤᠨ ᠲᠠᠶᠢᠯᠤᠮᠵᠢ ᠪᠠᠷ ᠳᠠᠮᠵᠢᠨ᠂ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠪᠠ᠃ ᠪᠢᠳᠠ | ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠶᠢᠨ ᠰᠤᠷᠤᠭᠴᠢ ᠪᠣᠯᠤᠭᠰᠠᠨ ᠤ ᠬᠤᠪᠢ ᠳᠤ᠂ ᠲᠤᠰᠬᠠᠶ ᠮᠡᠳᠡᠯᠭᠡ ᠪᠠ | ᠮᠡᠷᠭᠡᠵᠢᠯ ᠢ ᠰᠠᠶᠢᠲᠤᠷ ᠰᠤᠷᠤᠯᠴᠠᠵᠤ᠂ ᠬᠤᠵᠢᠮ ᠤᠯᠤᠰ ᠲᠠᠭᠠᠨ ᠬᠤᠪᠢ ᠨᠡᠮᠡᠷᠢ ᠦᠵᠡᠭᠦᠯᠬᠦ ᠪᠤᠯᠤᠨ᠎ᠠ︾ ᠬᠡᠵᠦ | ᠬᠡᠯᠡᠵᠡᠢ᠃ | ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠹᠦ᠋ ᠰᠦᠸᠧ ᠭᠸᠠ ᠫᠷᠤᠹᠧᠰᠰᠤᠷ ᠪᠠᠰᠠ ᠳᠡᠭᠡᠳᠦ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠠᠢ ᠶᠠᠷᠢᠯᠴᠠᠵᠤ᠂ ᠰᠤᠷᠤᠭᠴᠢᠳ ᠤᠨ ᠰᠢᠨ᠎ᠡ ᠶᠢ | ᠡᠭᠦᠳᠬᠦ ᠤᠬᠠᠮᠰᠠᠷ ᠢ ᠬᠡᠷᠬᠢᠨ ᠬᠥᠮᠦᠵᠢᠭᠦᠯᠬᠦ ᠵᠡᠷᠭᠡ ᠶᠠᠷᠢᠶᠠᠨ ᠤ ᠰᠡᠳᠦᠪ ᠤᠨ ᠲᠤᠬᠠᠢ ᠰᠠᠨᠠᠯ ᠢᠶᠠᠨ ᠰᠣᠯᠢᠯᠴᠠᠪᠠ᠃ |