ᠬᠤᠳᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/12/1
 
     11 ᠰᠠᠷ᠎ᠠ ᠶᠢᠨ 30 ᠤ ᠡᠳᠦᠷ᠂ ᠬᠤᠳᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠫᠠᠶᠢᠰᠠ ᠰᠡᠬᠦᠬᠦ ᠶᠣᠰᠣᠯᠠᠯ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠶᠤᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠭᠦᠸᠧ ᠶᠣᠰᠣᠯᠠᠯ ᠳᠤ ᠣᠷᠣᠯᠴᠠᠪᠠ᠃      ᠴᠢ ᠹᠸᠢ ᠶᠦᠨ ᠵᠢᠭᠠᠵᠤ ᠭᠠᠷᠭᠠᠭᠰᠠᠨ ᠨᠢ᠂ ᠬᠤᠳᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠫᠠᠶᠢᠰᠠ ᠡᠯᠭᠦᠭᠰᠡᠨ ᠨᠢ ᠲᠤᠰ ᠲᠦᠪ ᠰᠢᠨ᠎ᠡ ᠳᠦᠷᠰᠦ ᠪᠠᠶᠢᠳᠠᠯ ᠲᠠᠢ ᠪᠠᠷ ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠠᠵᠢᠯᠯᠠᠭ᠎ᠠ ᠳᠤ ᠣᠷᠣᠯᠴᠠᠵᠤ᠂ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠭᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠡᠬᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠬᠦ ᠪᠤᠯᠤᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠪᠣᠯᠤᠨ ᠡᠯ᠎ᠡ ᠲᠣᠭᠤᠷᠢᠭ᠂ ᠡᠯ᠎ᠡ ᠰᠠᠯᠠᠭ᠎ᠠ ᠮᠦᠴᠢᠷ ᠠᠯᠢ ᠲᠦᠷᠭᠡᠨ ᠢᠶᠠᠷ ᠠᠵᠢᠯᠯᠠᠭᠠᠨ ᠤ ᠪᠠᠶᠢᠳᠠᠯ ᠳᠤ ᠣᠷᠣᠵᠤ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠵᠠᠰᠠᠯᠲᠠ ᠶᠢᠨ ᠤᠳᠣᠭᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠤᠬᠠᠶ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠷᠮᠠᠶᠢᠨ ᠠᠵᠢᠯᠯᠠᠵᠤ᠂ ᠪᠦᠬᠦ ᠬᠤᠲᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠣᠷᠠᠯᠳᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠮᠤᠷ ᠠᠮᠤᠭᠤᠯᠠᠩ ᠦᠬᠠᠢ ᠶᠢᠨ ᠪᠦᠲᠦᠭᠡᠨ ᠪᠠᠶᠢᠭᠤᠯᠤᠯᠲᠠ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠳᠡᠢ ᠬᠡᠵᠡᠢ᠃      ᠴᠢ ᠹᠸᠢ ᠶᠦᠨ ᠴᠢᠬᠤᠯᠠᠴᠢᠯᠠᠭᠰᠠᠨ ᠨᠢ᠂ ᠬᠤᠳᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠪᠣᠯᠤᠨ ᠡᠯ᠎ᠡ ᠲᠣᠭᠤᠷᠢᠭ ᠡᠯ᠎ᠡ ᠰᠠᠯᠠᠭ᠎ᠠ ᠮᠦᠴᠢᠷ ᠴᠠᠭ ᠪᠢᠳᠡᠨ ᠢ ᠬᠦᠯᠢᠶᠡᠬᠦ ᠦᠭᠡᠶ ᠬᠡᠰᠡᠨ ᠲᠤᠯᠭᠠᠮ᠎ᠠ ᠰᠡᠳᠬᠢᠯᠭᠡ ᠪᠣᠯᠤᠨ ᠥᠷᠯᠥᠭᠡ ᠦᠳᠡᠰᠢ ᠶᠢ ᠲᠡᠮᠡᠴᠡᠬᠦ ᠣᠪᠣᠷ ᠢᠶᠠᠷ ᠰᠢᠪᠲᠤᠯᠤᠯᠲᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠲᠡᠷᠢᠭᠦᠨ ᠤ ᠬᠥᠭᠵᠢᠭᠰᠡᠨ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠠᠶᠢᠨ ᠰᠦᠪᠡᠭᠴᠢᠯᠡᠨ ᠦᠢᠯᠡᠳᠦᠯᠭᠡᠵᠢᠭᠦᠯᠵᠦ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠬᠡᠪᠴᠢᠶᠡᠨ ᠳᠤ ᠤᠷᠤᠶᠢᠯᠠᠭᠰᠠᠨ᠂ ᠠᠯᠳᠠᠷᠰᠢᠮ᠎ᠠ ᠨᠡᠶᠢᠭᠡᠮ ᠤᠨ ᠵᠠᠰᠠᠯᠲᠠ ᠶᠢᠨ ᠨᠡᠷᠡᠲᠦ ᠲᠥᠷᠥᠯ ᠲᠡᠮᠳᠡᠭᠲᠦ ᠶᠢ ᠴᠢᠷᠮᠠᠶᠢᠨ ᠡᠭᠦᠳᠬᠦ ᠬᠡᠷᠡᠭᠲᠡᠶ︔ ᠣᠶᠤᠨ ᠣᠬᠠᠭᠠᠯᠢᠭ ᠥᠨᠳᠥᠷ ᠪᠦᠲᠦᠮᠵᠢᠲᠡᠶ᠂ ᠥᠷᠭᠡᠨ ᠣᠯᠠᠨ ᠠᠷᠠᠳ ᠲᠦᠮᠡᠨ ᠳᠤ ᠠᠰᠢᠭ ᠬᠦᠷᠲᠡᠭᠡᠬᠦ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠬᠡᠪ ᠵᠠᠭᠪᠤᠷ ᠢ ᠪᠦᠬᠦ ᠬᠦᠴᠦᠨ ᠢᠶᠠᠷ ᠡᠭᠦᠳᠦᠨ ᠪᠠᠶᠢᠭᠤᠯᠵᠤ᠂ ᠪᠦᠬᠦ ᠣᠷᠣᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠳᠤ ᠳᠠᠭᠠᠭᠤᠯᠤᠭᠴᠢ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠬᠡᠷᠡᠭᠲᠡᠶ ᠬᠡᠵᠡᠢ᠃

     ᠴᠢ ᠹᠸᠢ ᠶᠦᠨ ᠪᠣᠯᠤᠨ ᠸᠠᠩ ᠶᠢᠨ ᠬᠠᠮᠲᠤ ᠪᠠᠷ ᠬᠤᠳᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ

ᠵᠠᠰᠠᠯᠲᠠ ᠶᠢᠨ ᠲᠥᠪ ᠲᠤ ᠫᠠᠶᠢᠰᠠ ᠰᠡᠬᠦᠵᠦ᠂ ᠫᠠᠶᠢᠰᠠ ᠰᠡᠬᠦᠬᠦ ᠶᠣᠰᠣᠯᠠᠯ ᠳᠤ ᠣᠷᠣᠯᠴᠠᠭᠰᠠᠨ ᠬᠥᠮᠦᠰ ᠬᠤᠳᠠ ᠶᠢᠨ

ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠢ ᠲᠣᠭᠤᠷᠢᠨ ᠦᠵᠡᠪᠡ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map