| | ᠦᠬᠠᠢ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ︵ᠪᠠᠷᠠᠭᠤᠨ ᠠᠴᠠ ᠬᠤᠶᠠᠳᠤᠭᠠᠷ︶ | ᠦᠬᠠᠢ ᠬᠤᠲᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠣᠷᠣᠨ ᠤ ᠭᠠᠳᠠᠨ᠎ᠠ | ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠵᠣ ᠪᠠᠶᠢᠭ᠎ᠠ ᠨᠢ | | | ᠬᠡᠷᠡᠯᠯᠢᠭ ᠸᠣᠯᠲ ᠤᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ — ᠦᠬᠠᠶ ᠬᠤᠲᠠ ᠶᠢᠨ | ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠲᠥᠷᠥᠯ ᠵᠦᠢᠯ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ | ᠲᠡᠭᠦᠰᠦᠭᠰᠡᠨ ᠤ ᠲᠠᠷᠠᠭ᠎ᠠ᠂ ᠦᠬᠠᠢ ᠬᠤᠲᠠ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠭᠠᠷᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠠᠨ ᠡᠷᠭᠢᠴᠡᠭᠦᠯᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠪᠠᠨ ᠪᠠᠷᠠᠯᠠᠵᠤ᠂ ᠦᠬᠠᠢ ᠬᠤᠲᠠ ᠶᠢᠨ ᠨᠠᠮ ᠤᠨ ᠬᠤᠷᠢᠶᠠᠨ ᠤ ᠱᠦᠵᠢ ᠱᠢ | ᠸᠠᠨ ᠵᠢᠶᠦ᠋ᠨ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠦᠬᠠᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠣᠷᠢᠳᠠᠪᠠᠷ ᠪᠤᠲᠤᠯᠭᠢᠯᠠᠭᠰᠠᠨ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠰᠠᠶᠢᠲᠤᠷ ᠵᠠᠮᠨᠠᠨ᠎ᠠ ᠬᠡᠵᠡᠢ᠃ | ᠨᠢᠭᠡ ᠳᠤ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠴᠢᠬᠤᠯᠠ ᠠᠬᠢᠴᠠ ᠲᠠᠢ ᠪᠣᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ | ᠬᠤᠲᠠ ᠶᠢᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ | ᠠᠬᠤᠶ ᠶᠢᠨ ᠣᠷᠴᠢᠨ ᠲᠤᠭᠤᠷᠢᠨ ᠢᠯᠡᠳᠲᠡ ᠰᠠᠶᠢᠵᠢᠷᠠᠵᠤ᠂ ᠵᠢᠱᠢᠯᠲᠡ ᠪᠠᠷ 2020 ᠣᠨ ᠳᠤ ᠭᠤᠤᠯ ᠬᠤᠳᠠ ᠶᠢᠨ | ᠲᠣᠭᠤᠷᠢᠭ ᠤᠨ ᠣᠷᠴᠢᠨ ᠠᠬᠤᠶ ᠶᠢᠨ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 83% ᠶᠢ | ᠲᠠᠪᠠᠭ᠋ᠤ ᠪᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠲᠣᠭᠲᠠᠭᠤᠨ ᠢᠶᠠᠷ ᠰᠢᠢᠳᠪᠦᠷᠢᠯᠡᠵᠦ᠂ ᠡᠯ᠎ᠡ | ᠲᠥᠷᠥᠯ ᠤᠨ ᠠᠶᠤᠯ ᠲᠦᠭᠰᠢᠬᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠪᠡ᠃ ᠬᠤᠶᠠᠷ ᠲᠤ ᠶᠡᠷᠦᠩᠬᠡᠶᠢᠯᠡᠭᠰᠡᠨ | ᠠᠵᠤ ᠠᠬᠤᠶ ᠶᠢᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠠᠩᠬ᠎ᠠ ᠠᠯᠬᠤᠮ ᠤᠨ ᠵᠢᠱᠢᠯᠳᠠ ᠪᠠᠷ ᠦᠵᠡᠪᠡᠯ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠵᠢᠯ ᠪᠦᠷᠢ ᠳᠤᠮᠳᠠᠴᠢ ᠪᠠᠷ 7.4% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 15% ᠪᠠᠷ ᠨᠡᠮᠡᠭᠳᠡᠨ᠂ ᠬᠤᠲᠠ ᠪᠠᠯᠭᠠᠰᠤᠨ ᠤ | ᠰᠠᠭᠤᠭᠠᠯᠢ ᠠᠷᠠᠳ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠨᠢ ᠲᠣᠰ ᠲᠣᠰ 6.1% ᠪᠠ 8.6% ᠣᠷᠴᠢᠮ ᠳᠤ ᠬᠦᠷᠴᠦ᠂ | ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ | ᠣᠷᠣᠬᠤ ᠪᠤᠯᠤᠨ᠎ᠠ᠃ ᠭᠤᠷᠪᠠ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠠᠯᠬᠤᠴᠠ | ᠢᠯᠡᠳᠲᠡ ᠲᠦᠷᠭᠡᠳᠪᠡ᠃ ᠠᠵᠤ ᠦᠢᠯᠡᠰ ᠤᠨ ᠬᠡᠯᠬᠢᠶ᠎ᠡ ᠲᠠᠰᠤᠷᠠᠯᠲᠠ ᠦᠭᠡᠢ ᠤᠷᠲᠤᠳᠴᠤ᠂ ᠨᠡᠭᠦᠷᠡᠰᠦ ᠶᠢ | ᠲᠤᠬᠠᠢ ᠶᠢᠨ ᠭᠠᠵᠠᠷ ᠲᠤᠨᠢ ᠪᠤᠯᠪᠠᠰᠣᠷᠠᠭᠤᠯᠤᠨ ᠬᠤᠪᠢᠷᠠᠭᠤᠯᠬᠤ ᠨᠤᠷᠮ᠎ᠠ 90% ᠠᠴᠠ ᠳᠡᠭᠡᠭᠰᠢ ᠬᠦᠷᠴᠦ᠂ | ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ 70 ᠭᠠᠷᠤᠢ ᠵᠦᠢᠯ ᠳᠤ ᠬᠦᠷᠴᠡᠢ᠃ ᠺᠠᠪᠦ᠋ᠲ᠂ ᠵᠢᠩ | ᠶᠦᠨ ᠲᠦᠩ᠂ ᠣᠣ ᠯᠢ ᠵᠡᠷᠭᠡ ᠨᠢᠭᠡ ᠪᠦᠯᠦᠭ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠠᠰᠢᠭᠯᠠᠯᠲᠠ ᠳᠤ ᠣᠷᠣᠵᠤ | ᠂ ᠤᠰᠤᠲᠥ᠋ᠷᠥᠭᠴᠢ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠯᠡᠨ | ᠠᠬᠢᠭᠤᠯᠪᠠ᠃ ᠵᠢᠭᠤᠯᠴᠢᠯᠠᠯ᠂ ᠮᠥᠩᠭᠦᠨ ᠬᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠥᠷᠨᠢᠨ ᠬᠥᠭᠵᠢᠵᠦ᠂ ᠤᠯᠠᠨ ᠲᠦᠢᠯᠰᠢᠷᠠᠯ ᠢᠶᠠᠷ ᠲᠤᠯᠭᠠᠭᠤᠷᠢᠯᠠᠭᠰᠠᠨ ᠠᠵᠤ | ᠦᠢᠯᠡᠰ ᠤᠨ ᠪᠦᠲᠦᠴᠡ ᠶᠠᠭ ᠪᠦᠷᠢᠯᠳᠦᠵᠦ ᠪᠠᠶᠢᠨ᠎ᠠ᠃ ᠲᠦᠷᠪᠡ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠦᠷᠭᠦᠯᠵᠢᠯᠡᠨ ᠴᠢᠩᠭᠠᠳᠬᠠᠪᠠ᠃ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠣᠲᠣᠷ᠎ᠠ ᠬᠢᠵᠠᠭᠠᠷᠯᠠᠵᠤ᠂ | ᠠᠵᠢᠯ ᠠᠴᠠ ᠪᠠᠨ ᠪᠠᠭᠤᠭᠰᠠᠳ ᠤᠨ ᠨᠠᠰᠣᠵᠢᠯ ᠤᠨ ᠠᠰᠠᠷᠠᠮᠵᠢ ᠶᠢᠨ ᠮᠥᠩᠭᠦ ᠶᠢ ︽ᠠᠷᠪᠠᠨ ᠲᠠᠪᠤᠨ ᠵᠢᠯ ᠳᠠᠷᠠᠭᠠᠯᠠᠨ | ᠥᠰᠬᠡᠬᠦ︾ ᠶᠢ ᠪᠡᠶᠡᠯᠡᠭᠦᠯᠪᠡ᠃ ᠰᠤᠷᠭᠠᠨ ᠬᠥᠮᠦᠵᠢᠯ᠂ ᠡᠮᠴᠢᠯᠡᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ | ᠨᠡᠮᠡᠭᠳᠡᠵᠦ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠬᠠᠷᠢᠴᠠᠯ 93% ᠳᠤ ᠬᠦᠷᠴᠦ᠂ | ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠭᠤᠷᠪᠠᠨ ᠬᠥᠬᠡ | ᠡᠮᠨᠡᠯᠭᠡ ᠶᠢᠨ ᠬᠤᠷᠢᠶ᠎ᠠ ᠪᠣᠯᠭᠠᠨ ᠳᠡᠪᠰᠢᠭᠦᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ | ᠪᠠᠶᠢᠭᠤᠯᠵᠤ ᠠᠮᠵᠢᠯᠲᠠ ᠤᠯᠪᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 4.4 ᠲᠦᠮᠡᠨ | ᠢᠵᠢ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠪᠠ᠃ ᠦᠬᠠᠶ ᠬᠤᠲᠠ 2019 ᠣᠨ ᠤ ᠪᠥᠬᠦ ᠤᠯᠤᠰ ᠤᠨ | ᠲᠤᠰᠬᠠᠶ ᠣᠷᠣᠨ ᠤ ᠲᠠᠰ ᠤᠨ ᠬᠤᠲᠠ ᠶᠢᠨ ᠠᠷᠠᠳ ᠤᠨ ᠠᠮᠢᠳᠤᠷᠠᠯ ᠤᠨ ᠬᠦᠭᠵᠢᠯᠳᠡ ᠶᠢᠨ 100 ᠬᠦᠴᠦᠷᠬᠡᠭ ᠤᠨ | ᠳᠤᠮᠳᠠ 46 ᠳ᠋ᠣᠭᠠᠷ ᠲᠤ ᠵᠢᠭᠰᠠᠭᠠᠭᠳᠠᠪᠠ᠃ ᠲᠠᠪᠤ ᠳᠤ ᠥᠭᠡᠷᠡᠴᠢᠯᠡᠯᠲᠡ ᠨᠡᠭᠡᠭᠡᠯᠳᠡ ᠤᠯᠠᠨ ᠲᠠᠯ᠎ᠠ ᠪᠠᠷ | ᠰᠢᠪᠲᠤᠯᠤᠯᠲᠠ ᠲᠠᠢ ᠪᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠥᠬᠢᠭᠦᠯᠦᠯ ᠢ ᠣᠯᠪᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠠᠩᠬ᠎ᠠ | ᠠᠯᠬᠤᠮ ᠤᠨ ᠦᠷ᠎ᠡ ᠪᠦᠲᠦᠮᠵᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ | ᠰᠢᠯᠢᠳᠡᠭᠵᠢᠭᠦᠯᠵᠤ᠂ ᠬᠤᠳᠠᠯᠳᠤᠭᠠᠨ ᠤ ᠢᠲᠡᠭᠡᠮᠵᠢ ᠶᠢᠨ ᠣᠷᠴᠢᠨ ᠲᠣᠭᠤᠷᠢᠨ ᠤ ᠵᠢᠭᠠᠯᠲᠠ ᠲᠤᠭ᠎ᠠ ᠨᠢ ᠪᠥᠬᠦ | ᠤᠯᠤᠰ ᠤᠨ ᠲᠤᠰᠬᠠᠶ ᠣᠷᠣᠨ ᠤ ᠲᠠᠰ ᠤᠨ ᠬᠤᠲᠠ ᠶᠢᠨ 10 ᠳ᠋ᠤᠭᠠᠷ ᠲᠤ ᠵᠢᠭᠰᠠᠭᠠᠭᠳᠠᠵᠠᠶ᠃ ︽ᠦᠬᠠᠢ — | ᠮᠣᠩᠭᠤᠯ ᠤᠯᠤᠰ — ᠧᠦ᠋ᠷᠣᠫᠠ︾ ᠶᠢᠨ ᠣᠯᠠᠨ ᠤᠯᠤᠰ ᠤᠨ ᠵᠢᠰᠢᠶᠠᠨ ᠤ ᠭᠠᠯᠲᠤ ᠲᠡᠷᠭᠡ ᠶᠢᠨ ᠬᠡᠪᠰᠢᠭᠰᠡᠨ | ᠡᠵᠡᠩᠨᠡᠯᠲᠡ ᠶᠢ ᠪᠡᠶᠡᠯᠡᠬᠦᠯᠵᠦ᠂ 30 ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠷᠠᠯᠵᠢᠶᠠᠨ ᠤ | ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠪᠡ᠃ ᠵᠢᠷᠭᠤᠭ᠎ᠠ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠭᠦᠨᠵᠡᠭᠡᠶᠢᠷᠡᠨ ᠠᠬᠢᠪᠠ᠃ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ | ᠴᠢᠩᠭᠠᠷᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠨ ᠬᠥᠭᠵᠢᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ | ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠦᠨ ᠥᠷᠨᠢᠭᠦᠯᠵᠤ᠂ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠵᠢᠴᠢ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠶᠢ ᠱᠠᠲᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠢᠶᠠᠨ ᠮᠡᠳᠡᠭᠦᠯᠬᠦ | ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠲᠠᠶᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠢᠮ ᠲᠤᠭᠳᠠᠭᠠᠯ ᠠᠴᠠ | ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠬᠦᠨᠵᠡᠭᠡᠶᠢᠷᠡᠬᠦᠯᠬᠦ | ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠶ | ᠠᠯᠬᠤᠮ ᠠᠯᠬᠤᠮ ᠢᠶᠠᠷ ᠰᠡᠷᠭᠦᠵᠦ᠂ ᠦᠷᠭᠦᠯᠵᠢᠯᠡᠨ ᠰᠠᠶᠢᠵᠢᠷᠠᠪᠠ᠃ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠯᠡᠭᠡ︾ ᠶᠢ ᠪᠠᠷᠠᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠡᠬᠢᠯᠡᠬᠦ ᠭᠡᠵᠦ ᠪᠠᠶᠢᠨ᠎ᠠ᠂ | ᠦᠬᠠᠢ ᠬᠤᠳᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠠᠬᠢ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠦᠬᠠᠶ ᠶᠢᠨ ᠪᠠᠶᠢᠷᠢ ᠪᠣᠯᠤᠨ ᠳᠦᠷᠢ ᠶᠢ ᠣᠨᠣᠪᠴᠢᠲᠠᠶ | ᠡᠷᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠰᠢᠨ᠎ᠡ | ᠬᠦᠭᠵᠢᠯᠳᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠮᠢ ᠠᠬᠤᠶ ᠶᠢ ᠤᠷᠢᠳᠠᠪᠡᠷ | ᠪᠤᠲᠤᠯᠬᠢᠯᠠᠭᠰᠠᠨ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠶᠢᠨ ᠰᠦᠪᠡᠭᠴᠢᠯᠡᠵᠦ᠂ ᠨᠡᠩ ᠥᠨᠳᠥᠷ | ᠬᠠᠷᠠᠯᠲᠠ ᠶᠢ ᠪᠣᠶ ᠪᠣᠯᠭᠠᠬᠤ᠂ ᠰᠢᠨ᠎ᠡ ᠡᠭᠢᠯᠡᠯᠳᠡ ᠳᠡᠭᠡᠷᠡᠬᠢ ᠰᠢᠨ᠎ᠡ ᠬᠥᠭᠵᠢᠯᠲᠡ ᠶᠢ ᠳᠣᠤᠷᠠᠬᠢ ᠬᠡᠳᠦᠨ ᠲᠠᠯ᠎ᠠ ᠪᠠᠷ | ᠴᠢᠷᠮᠠᠶᠢᠨ ᠪᠡᠶᠡᠯᠡᠬᠦᠯᠦᠨ᠎ᠡ᠃ | ᠨᠢᠭᠡ ᠳᠤ᠂ ᠠᠮᠢ ᠠᠬᠤᠢ ᠶᠢᠨ ᠴᠢᠨᠠᠷ ᠴᠢᠨᠰᠠᠭ᠎ᠠ ᠶᠢ ᠨᠠᠩ ᠥᠨᠳᠥᠷ ᠪᠣᠯᠭᠠᠨ᠎ᠠ᠃ ᠠᠮᠢ ᠠᠬᠤᠢ ᠶᠢᠨ ᠬᠤᠲᠠ | ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠶᠡᠭᠡ ᠬᠠᠮᠠᠭᠠᠯᠠᠯᠲᠠ ᠶᠢ ᠬᠠᠮᠲᠤᠪᠠᠷ ᠠᠳᠬᠤᠵᠤ᠂ ᠶᠡᠭᠡ ᠨᠡᠭᠡᠭᠡᠯᠲᠡ ᠶᠢ | ᠦᠯᠦ ᠬᠢᠬᠦ︾ ᠪᠠᠷ ᠴᠢᠩᠭ᠎ᠠ ᠳᠦᠷᠢᠮ ᠬᠠᠳᠠᠭᠤ ᠱᠤᠭᠤᠮ ᠪᠤᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠡᠷᠭᠦᠭᠡᠬᠦ ᠶᠢ ᠲᠡᠶᠢᠯᠦᠩᠬᠦᠢ ᠴᠢᠨᠠᠷ ᠪᠠᠶᠢᠷᠢᠨ ᠳᠤ ᠲᠠᠯᠪᠢᠵᠦ᠂ ᠠᠭᠤᠯᠠ ᠤᠰᠤ ᠣᠢ ᠰᠢᠭᠤᠶ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ | ᠡᠭᠦᠰᠦᠯ ᠠᠴᠠ ᠨᠢ ᠵᠠᠰᠠᠬᠤ ᠶᠢ ᠡᠷᠡᠰ ᠰᠠᠶᠢᠲᠤᠷ ᠠᠳᠬᠤᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠭᠠᠵᠠᠷ ᠣᠷᠣᠨ ᠤ ᠠᠮᠢ ᠠᠬᠤᠶ ᠶᠢᠨ ᠶᠠᠰᠤ ᠴᠢᠨᠠᠷ | ᠪᠠ ᠲᠣᠭᠲᠠᠪᠤᠷᠢᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ | ᠬᠤᠭᠤᠴᠠᠭᠠᠨ ᠳᠤ ᠪᠣᠶ ᠪᠥᠬᠦᠶ ᠠᠭᠤᠷᠬᠠᠶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠪᠤᠬᠢᠷᠳᠠᠯ ᠥᠬᠡᠶ | ᠠᠭᠤᠷᠬᠠᠶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠠᠭᠠᠷ ᠮᠠᠨᠳᠠᠯ ᠤᠨ | ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠭᠦᠨᠵᠡᠭᠡᠶ ᠥᠷᠨᠢᠭᠦᠯᠵᠦ᠂ ᠡᠷᠭᠢᠨ ᠲᠣᠭᠤᠷᠢᠨ ᠤ | ᠭᠠᠵᠠᠷ ᠣᠷᠣᠨ ᠯᠤᠭ᠎ᠠ ᠶᠢᠨ ᠰᠣᠯᠪᠢᠴᠠᠨ ᠬᠠᠤᠯᠢ ᠬᠡᠷᠡᠭᠵᠢᠭᠦᠯᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ | ᠬᠠᠮᠵᠢᠯᠴᠠᠨ ᠵᠠᠰᠠᠬᠤ ᠨᠡᠶᠢᠯᠡᠮᠡᠯ ᠬᠦᠴᠦᠨ ᠢᠶᠠᠨ ᠳᠡᠭᠡᠭᠰᠢᠯᠡᠭᠦᠯᠵᠦ᠂ ᠦᠢᠯᠡᠳᠪᠦᠷᠢ ᠠᠭᠤᠷᠬᠠᠶ ᠶᠢᠨ ᠬᠤᠲᠠ ᠶᠢ ᠠᠮᠢ | ᠠᠬᠤᠶ ᠶᠢᠨ ᠬᠤᠲᠠ ᠲᠡᠰᠢ ᠬᠤᠪᠢᠷᠠᠭᠤᠯᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ | ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠬᠤᠶᠠᠷ ᠲᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠨᠠᠩ ᠬᠦᠢᠴᠡᠳ ᠪᠣᠯᠭᠠᠨ᠎ᠠ᠃ ᠰᠢᠨ᠎ᠡ ᠶᠢ ᠡᠭᠦᠳᠬᠦ | ᠬᠤᠲᠠ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠪᠤᠶᠢᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠵᠤ᠂ ᠪᠡᠯᠡ ᠮᠥᠩᠭᠦ ᠶᠢᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠠᠴᠠ ᠲᠡᠰ ᠤᠨ | ᠲᠡᠭᠡᠲᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠠ ᠤᠯᠤᠰ ᠤᠨ ᠤᠰᠤᠲᠥ᠋ᠷᠥᠭᠴᠢ | ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠢᠷᠮᠠᠶᠢᠨ ᠪᠠᠶᠢᠭᠤᠯᠵᠤ᠂ ᠤᠯᠤᠰ ᠤᠨ ᠲᠡᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 1᠂ ᠤᠯᠤᠰ ᠤᠨ ᠲᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | 30 ᠪᠠᠶᠢᠭᠤᠯᠬᠤ ᠪᠠᠷ ᠴᠢᠷᠮᠠᠶᠢᠨ᠎ᠠ᠃ ᠤᠯᠤᠰ ᠤᠨ ᠳᠣᠲᠣᠭᠠᠳᠤ ᠶᠢᠨ ᠨᠡᠷᠡᠲᠦ ᠲᠡᠭᠡᠲᠤ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠨᠢᠭᠲᠠᠷᠠᠭᠤᠯᠵᠤ᠂ | ︽ᠣᠨᠳᠣᠤ ᠭᠠᠵᠠᠷ ᠲᠤ ᠨᠡᠪᠴᠢᠭᠦᠯᠵᠤ᠂ ᠦᠬᠠᠶ ᠶᠢ ᠬᠤᠪᠢᠷᠠᠭᠤᠯᠬᠤ︾ ᠠᠬᠢᠴᠠ ᠶᠢ ᠲᠦᠷᠭᠡᠳᠬᠡᠨ ᠠᠬᠢᠭᠤᠯᠵᠤ᠂ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠷᠢᠭᠦᠯᠡᠭᠰᠡᠨ᠂ ᠠᠵᠤ ᠦᠢᠯᠡᠰ ᠲᠥᠪᠯᠡᠷᠡᠭᠰᠡᠨ | ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠨᠴᠠᠯᠢᠭᠲᠤ ᠠᠵᠤ ᠦᠶᠢᠯᠡᠰᠵᠢᠭᠰᠡᠨ ᠰᠠᠭᠤᠷᠢᠨ ᠭᠠᠵᠠᠷ | ᠪᠠᠶᠢᠭᠤᠯᠬᠤ ᠶᠢ ᠪᠥᠬᠦ ᠬᠦᠴᠦᠨ ᠢᠶᠠᠷ ᠲᠡᠳᠬᠦᠨ᠎ᠡ᠃ ᠭᠤᠷᠪᠠ ᠳᠤ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ | ᠨᠠᠩ ᠲᠦᠷᠭᠡᠨ ᠪᠤᠯᠭᠠᠨ᠎ᠠ᠃ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠵᠦ᠂ ᠬᠤᠴᠣᠷᠤᠩᠭᠤᠶ | ᠦᠢᠯᠡᠳᠪᠦᠷᠢᠯᠡᠯ ᠤᠨ ᠴᠢᠳᠠᠪᠤᠷᠢ ᠶᠢ ᠡᠷᠡᠰ ᠰᠢᠭᠰᠢᠭᠳᠡᠭᠦᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ | ᠨᠡᠮᠡᠯᠲᠡ ᠥᠷᠲᠡᠭ ᠢ ᠳᠡᠭᠡᠭᠰᠢᠯᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠭᠦᠷᠡᠰᠦᠨ ᠬᠢᠮᠢ ᠶᠢᠨ ᠠᠵᠤ | ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠨᠠᠷᠢᠯᠢᠭᠵᠢᠭᠤᠯᠬᠤ᠂ | ᠲᠡᠭᠡᠲᠤ ᠲᠡᠰᠵᠢᠬᠦᠯᠬᠦ᠂ ᠦᠵᠦᠭᠦᠷᠵᠢᠭᠦᠯᠬᠦ ᠴᠢᠭᠯᠡᠯ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠨᠡᠭᠦᠷᠡᠰᠦ | ᠬᠡᠤᠷᠡᠰᠦ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠭᠡᠨ | ᠠᠬᠢᠭᠤᠯᠵᠤ᠂ ᠣᠳᠣ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠳᠠᠭᠠᠨ ᠰᠠᠭᠤᠷᠢᠯᠠᠵᠤ᠂ 500 ᠲᠦᠮᠡᠨ ᠲᠣᠨ ᠠᠴᠠ | ᠳᠡᠭᠡᠭᠰᠢᠬᠢ ᠨᠡᠭᠦᠷᠡᠰᠦ ᠬᠡᠤᠷᠡᠰᠦ ᠶᠢᠨ 2 — 3 ᠬᠥᠲᠥᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠠᠵᠤ | ᠦᠢᠯᠡᠰ ᠢ ᠡᠷᠴᠢᠮᠵᠢᠭᠦᠯᠦᠨ ᠲᠥᠪᠯᠡᠷᠡᠭᠦᠯᠬᠦ ᠳᠠᠪᠠᠭᠤᠯᠢᠭ ᠢ ᠪᠤᠢ ᠪᠣᠯᠭᠠᠨ᠎ᠠ᠃ ᠣᠳᠣ ᠦᠶ᠎ᠡ ᠶᠢᠨ ᠡᠨᠧᠷᠭᠢ ᠶᠢᠨ | ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ︽ᠰᠠᠯᠬᠢ᠂ ᠭᠡᠷᠡᠯ᠂ ᠤᠰᠤ᠂ ᠭᠠᠯ᠂ ᠤᠰᠤᠲᠥ᠋ᠷᠥᠭᠴᠢ︾ | ᠬᠠᠮᠵᠢᠯᠴᠠᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠰᠢᠨ᠎ᠡ ᠮᠠᠲ᠋ᠧᠷᠢᠶᠠᠯ᠂ ᠡᠨᠧᠷᠭᠢ | ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠪᠠᠶᠢᠯᠳᠤᠬᠤ | ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠵᠢᠭᠤᠯᠴᠢᠯᠠᠯ᠂ | ᠠᠷᠠᠯᠵᠢᠶ᠎ᠠ ᠬᠤᠳᠠᠯᠳᠤᠭ᠎ᠠ᠂ ᠮᠥᠩᠭᠦᠨ ᠬᠦᠢᠯᠭᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠢᠷᠢ | ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠳᠡᠭᠡᠭᠰᠢᠯᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠨ ᠬᠤᠲᠠ ᠶᠢᠨ | ᠰᠦᠷᠦᠭᠵᠢᠯ᠂ ᠬᠥᠬᠡᠬᠤᠲᠠ ᠪᠤᠭᠤᠲᠤ ᠣᠷᠳᠣᠰ ᠢᠷᠭᠠᠶ ᠲᠡᠮᠡᠭᠡᠲᠤ ᠣᠷᠣᠨ ᠤ ᠠᠵᠤ ᠠᠬᠤᠢ ᠶᠢᠨ ᠣᠷᠣᠨ ᠤ | ᠪᠦᠲᠦᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠤᠯᠤᠰ ᠤᠨ ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ᠂ | ᠶᠡᠭᠡ ᠣᠷᠴᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠲᠦᠷᠪᠡ ᠳᠤ ᠬᠤᠳᠠ ᠶᠢᠨ ᠴᠢᠳᠠᠮᠵᠢ ᠶᠢ ᠨᠡᠩ | ᠴᠢᠩᠭ᠎ᠠ ᠪᠣᠯᠭᠠᠨ᠎ᠠ᠃ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢᠶᠠᠨ | ᠨᠥᠬᠦᠪᠥᠷᠢᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠪᠠᠷᠢᠯᠭ᠎ᠠ ᠪᠣᠯᠤᠨ ᠵᠠᠩᠭᠢᠯᠠᠭ᠎ᠠ ᠶᠢᠨ ᠴᠢᠭ ᠤᠨ | ᠢᠨᠵᠧᠨᠧᠷᠢᠩ ᠢ ᠴᠢᠭᠯᠡᠭᠦᠯᠬᠦ ᠴᠢᠨᠠᠷᠲᠠᠶ ᠲᠥᠰᠦᠪᠯᠡᠵᠦ᠂ ᠣᠷᠣᠵᠤ ᠭᠠᠷᠬᠤ ᠵᠠᠮ ᠪᠣᠯᠤᠨ ᠪᠠᠷᠠᠭᠠᠨ ᠤ ᠬᠦᠢᠯᠭᠡᠭᠡᠨ ᠤ | ᠠᠷᠠᠯᠵᠢᠶ᠎ᠠ ᠬᠤᠳᠠᠯᠳᠤᠭᠠᠨ ᠤ ᠲᠦᠭᠵᠢᠷᠡᠯ ᠢ ᠨᠡᠪᠳᠡᠷᠡᠭᠦᠯᠵᠦ᠂ ᠡᠷᠬᠢᠨ ᠲᠣᠭᠤᠷᠢᠨ ᠤ ᠣᠷᠣᠨ ᠪᠦᠰᠡ ᠶᠢ | ᠨᠥᠯᠥᠭᠡᠯᠡᠭᠰᠡᠨ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠎ᠠ᠃ ᠪᠢᠨ | ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠬᠤᠲᠠ ᠶᠢᠨ ᠣᠷᠣᠨ ᠵᠠᠶ ᠶᠢᠨ ᠪᠠᠶᠢᠷᠢᠯᠠᠭᠤᠯᠤᠯᠳᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠡᠦᠷᠡᠰᠦᠨ | ᠨᠡᠭᠦᠷᠡᠰᠦ ᠶᠢ ᠲᠥᠪᠯᠡᠷᠡᠭᠦᠯᠦᠨ ᠲᠠᠷᠬᠠᠭᠠᠬᠤ ᠲᠥᠪ ᠢ ᠪᠦᠬᠦ ᠬᠦᠴᠦᠨ ᠢᠶᠠᠷ ᠪᠠᠶᠢᠭᠤᠯᠵᠤ᠂ ᠡᠷᠭᠢᠨ ᠲᠣᠭᠤᠷᠢᠨ ᠪᠠ | ᠥᠪᠥᠷ ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠡᠨᠧᠷᠬᠢ ᠶᠢᠨ ᠭᠠᠷᠤᠯᠲᠠ | ᠬᠠᠩᠭᠠᠯᠭ᠎ᠠ ᠬᠠᠳᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ ᠡᠷᠭᠢᠨ ᠲᠣᠭᠤᠷᠢᠨ ᠤ ᠭᠠᠵᠠᠷ ᠣᠷᠣᠨ ᠤ ᠨᠢᠭᠡ | ᠴᠣᠭᠴᠠᠵᠢᠭᠰᠠᠨ ᠬᠥᠭᠵᠢᠯᠲᠡ ᠶᠢ ᠬᠦᠴᠦᠲᠡᠶ ᠲᠤᠯᠭᠠᠭᠤᠷᠢᠯᠠᠨ᠎ᠠ᠃ ᠲᠠᠪᠤ ᠳᠤ ᠠᠮᠢᠳᠤᠷᠠᠯ ᠤᠨ ᠶᠠᠰᠤ ᠴᠢᠨᠠᠷ ᠢ ᠨᠠᠩ | ᠰᠢᠯᠢᠳᠡᠭᠵᠢᠭᠦᠯᠦᠨ᠎ᠡ᠃ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ | ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ | ᠦᠷᠭᠦᠯᠵᠢᠯᠡᠨ ᠨᠡᠮᠡᠭᠳᠡᠭᠦᠯᠵᠦ᠂ ᠳᠠᠪᠠᠭᠤᠯᠢᠭ ᠡᠮᠴᠢᠯᠡᠭᠡᠨ ᠤ ᠡᠬᠢ ᠪᠠᠶᠠᠯᠢᠭ ᠤᠨ ᠬᠤᠲᠠ ᠯᠤᠭ᠎ᠠ ᠬᠠᠮᠵᠢᠯᠴᠠᠨ | ᠬᠥᠳᠡᠯᠦᠯᠴᠡᠬᠦ ᠶᠢ ᠰᠦᠪᠡᠭᠴᠢᠯᠡᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ | ᠤᠯᠤᠰ ᠤᠨ ᠲᠡᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠭᠰᠠᠨ ᠵᠢᠱᠢᠶ᠎ᠡ | ᠦᠵᠡᠬᠦᠯᠬᠦ ᠬᠤᠲᠠ ᠶᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ᠂ ᠵᠥᠷᠢᠴᠡᠯ ᠵᠢᠭᠤᠷᠠᠭᠠᠨ ᠢ ᠨᠠᠮᠳᠠᠭᠤᠯᠬᠤ᠂ | ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠵᠢᠯ ᠢ | ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠰᠡᠷᠭᠡᠶᠢᠯᠡᠵᠦ᠂ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠦᠬᠠᠢ | ᠶᠢ ᠪᠦᠲᠦᠭᠡᠨ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ |