ᠦᠬᠠᠶ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠵᠢᠴᠢ ᠸᠢᠴᠠᠲ ᠤᠨ ᠳᠠᠪᠴᠠᠩ ᠢᠶᠠᠨ ᠤᠬᠠᠭᠤᠯᠤᠨ ᠲᠥᠭᠡᠮᠡᠯᠵᠢᠭᠦᠯᠪᠡ
ᠨᠡᠶᠢᠲᠡᠯᠡᠭᠰᠡᠨ ᠴᠠᠭ᠄
2020/12/10

     ᠵᠠᠰᠠᠭ ᠤᠨ ᠣᠷᠳᠣᠨ ᠤ  ᠰᠦᠯᠵᠢᠶ᠎ᠡ ᠪᠣᠯ ᠳᠠᠷᠤᠢ ᠵᠠᠰᠠᠭ ᠤᠨ ᠣᠷᠳᠣᠨ ᠤ ᠨᠡᠷ᠎ᠡ ᠶᠢᠨ ᠬᠠᠭᠤᠳᠠᠰᠤ ᠪᠣᠯᠤᠨ᠎ᠠ

᠃ ᠦᠬᠠᠶ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠣᠯᠤᠨ ᠸᠢᠴᠠᠲ ᠤᠨ ᠳᠠᠪᠴᠠᠩ

ᠪᠣᠯ ᠦᠬᠠᠶ ᠬᠤᠲᠠ ᠶᠢᠨ ᠲᠤᠰ ᠭᠠᠵᠠᠷ ᠣᠷᠣᠨ ᠤ ᠴᠣᠷ ᠤᠨ ᠭᠠᠭᠴᠠ ᠮᠣᠩᠭᠤᠯ ᠬᠡᠯᠡᠨ ᠤ ᠠᠯᠪᠠᠨ ᠤ ᠰᠦᠯᠵᠢᠶ᠎ᠡ

ᠪᠠ ᠸᠢᠴᠠᠲ ᠤᠨ ᠳᠠᠪᠴᠠᠩ ᠪᠣᠯᠤᠨ᠎ᠠ᠃ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ᠸᠢᠴᠠᠲ ᠤᠨ ᠳᠠᠪᠴᠠᠩ

ᠪᠣᠯ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠤᠷᠠᠬᠢ ᠵᠠᠰᠠᠭ ᠤᠨ ᠣᠷᠳᠣᠨ ᠤ ᠠᠷᠠᠳ ᠣᠯᠠᠨ ᠲᠠᠢ ᠨᠢᠭᠲᠠ

ᠬᠠᠷᠢᠯᠴᠠᠬᠤ ᠴᠢᠬᠤᠯᠠ ᠬᠥᠭᠦᠷᠭᠡ ᠪᠣᠯᠤᠨ᠎ᠠ᠂ ᠮᠥᠨ ᠴᠦ ᠰᠦᠯᠵᠢᠶᠡᠨ ᠤ ᠴᠠᠭ ᠦᠶ᠎ᠡ ᠶᠢᠨ ᠵᠠᠰᠠᠭ ᠤᠨ ᠣᠷᠳᠣᠨ ᠤ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠬᠤᠯᠠ ᠲᠠᠪᠴᠠᠩ ᠮᠥᠨ᠃

     ︽ᠵᠠᠰᠠᠭ ᠤᠨ ᠣᠷᠳᠣᠨ ᠤ ᠰᠦᠯᠵᠢᠶᠡᠨ ᠤ ᠬᠥᠭᠵᠢᠯᠲᠡ ᠶᠢᠨ ᠵᠢᠯᠣᠭᠤᠳᠤᠮᠵᠢ ᠶᠢ ᠳᠠᠷᠤᠮᠠᠯᠯᠠᠨ ᠶᠠᠪᠤᠭᠤᠯᠬᠤ

ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠮᠣᠩᠭᠤᠯ ᠦᠭᠡ ᠬᠡᠯᠡ

ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠪᠠ ︽ᠥᠪᠡᠷᠲᠡᠭᠡᠨ

ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ

ᠰᠦᠯᠵᠢᠶᠡᠨ ᠤ ᠪᠠᠶᠢᠭᠤᠯᠤᠯᠲᠠ ᠶᠢᠨ ᠠᠵᠢᠯ ᠤᠨ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ

ᠬᠤᠲᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ

ᠳᠥᠭᠦᠮ ᠦᠵᠡᠭᠦᠯᠬᠦ᠂ ᠨᠡᠭᠡᠭᠡᠯᠲᠡ ᠬᠢᠵᠦ ᠰᠢᠨ᠎ᠡ ᠶᠢ ᠡᠭᠦᠳᠬᠦ᠂ ᠡᠷᠴᠢᠮᠵᠢᠭᠦᠯᠦᠨ ᠠᠷᠪᠢᠯᠠᠬᠤ ᠵᠠᠷᠴᠢᠮ ᠢᠶᠠᠷ

ᠰᠦᠯᠵᠢᠶ᠎ᠡ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ 2018

ᠣᠨ ᠤ 12 ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠭᠠᠷᠴᠤ ᠠᠵᠢᠯᠯᠠᠵᠤ᠂ ᠸᠢᠴᠠᠲ ᠤᠨ ᠳᠠᠪᠴᠠᠩ ᠨᠢ 2020

ᠣᠨ ᠤ 4 ᠰᠠᠷ᠎ᠠ ᠶᠢᠨ 15 ᠤ ᠡᠳᠦᠷ ᠵᠢᠩᠬᠢᠨᠢ ᠪᠠᠷ ᠠᠵᠢᠯᠯᠠᠪᠠ᠃ 

     12 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠦᠬᠠᠶ ᠬᠤᠲᠠ ᠶᠢᠨ ᠮᠣᠩᠭᠤᠯ

ᠦᠨᠳᠦᠰᠦᠲᠡᠨ ᠤ ᠰᠤᠷᠭᠠᠭᠤᠯᠢ ᠶᠢᠨ ᠡᠭᠦᠳᠡᠨ ᠳᠤ ᠠᠳᠠᠯᠢ ᠪᠤᠰᠤ ᠰᠤᠷᠭᠠᠭᠤᠯᠢ ᠲᠠᠷᠬᠠᠬᠤ ᠠᠶᠢᠵᠠᠮ ᠲᠠᠲᠠᠵᠤ᠂

ᠶᠠᠭᠠᠷᠠᠯᠲᠠᠢ ᠨᠢᠭᠡ ᠡᠳᠦᠷ ᠤᠨ ᠠᠵᠢᠯ ᠢᠶᠠᠨ ᠳᠠᠭᠤᠰᠬᠠᠵᠤ᠂ ᠣᠶᠤᠨ ᠰᠠᠨᠠᠭᠠᠨ ᠤ ᠶᠠᠳᠠᠷᠠᠯᠲᠠᠢ ᠰᠤᠷᠭᠠᠭᠤᠯᠢ ᠶᠢᠨ

ᠡᠭᠦᠳᠡᠨ ᠳᠤ ᠴᠤᠭᠯᠠᠷᠠᠭᠰᠠᠨ ᠭᠡᠷ ᠤᠨ ᠠᠬᠠᠮᠠᠳ ᠤᠳ᠂ ᠥᠩᠭᠡ ᠢᠯᠭᠠᠷᠠᠭᠰᠠᠨ ᠤᠬᠠᠭᠤᠯᠭ᠎ᠠ ᠶᠢᠨ ᠬᠠᠭᠤᠳᠠᠰᠤ ᠶᠢ

ᠳᠣᠰᠴᠤ ᠠᠪᠤᠭᠰᠠᠨ ᠭᠱᠠᠨ ᠳᠤ᠂ ᠮᠠᠩᠨᠠᠢ ᠲᠡᠨᠡᠶᠢᠵᠦ ᠮᠥᠰᠢᠶᠡᠯ ᠪᠠᠳᠠᠷᠠᠭᠰᠠᠨ ᠬᠠᠴᠠᠷ ᠢ ᠬᠠᠷᠠᠭᠰᠠᠨ ᠪᠢᠳᠡᠨ ᠬᠠᠮᠤᠭ

ᠵᠢᠷᠭᠠᠯᠲᠠᠢ ᠬᠠᠮᠤᠭ ᠣᠮᠤᠭᠰᠢᠯᠲᠠᠢ ᠪᠢᠯᠡ᠃ ᠦᠬᠠᠶ ᠬᠤᠲᠠ ᠵᠢᠴᠢ ᠭᠤᠷᠪᠠᠨ ᠲᠣᠭᠤᠷᠢᠭ ᠤᠨ ᠡᠯ᠎ᠡ ᠱᠠᠲᠤᠨ ᠤ

ᠮᠣᠩᠭᠤᠯ ᠵᠠᠰᠠᠭ ᠤᠨ ᠶᠠᠪᠤᠳᠠᠯ ᠤᠨ ᠰᠦᠯᠵᠢᠶᠡᠨ ᠤ ᠬᠠᠷᠢᠭᠤᠴᠠᠯᠭᠠᠲᠠᠨ ᠬᠠᠮᠲᠤ ᠳᠠᠭᠠᠨ ᠡᠨᠡᠬᠦ ᠠᠷᠢᠭᠤᠨ ᠡᠭᠦᠷᠭᠡ—

ᠥᠷᠭᠡᠨ ᠣᠯᠠᠨ ᠮᠣᠩᠭᠤᠯ ᠦᠨᠳᠦᠰᠦᠲᠡᠨ ᠤ ᠠᠬ᠎ᠠ ᠳᠡᠭᠦᠤ ᠨᠡᠷ ᠳᠠᠭᠠᠨ ᠮᠠᠨ ᠤ ᠬᠤᠲᠠ ᠶᠢᠨ ᠲᠣᠰ ᠡᠳᠦᠷ ᠤᠨ

ᠰᠣᠨᠢᠨ ᠮᠡᠳᠡᠭᠡ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠵᠢᠴᠢ ᠤᠳᠤᠷᠢᠳᠤᠯᠭ᠎ᠠ ᠶᠢᠨ ᠪᠠᠶᠢᠳᠠᠯ ᠢ ᠴᠠᠭ

ᠢᠮᠠᠭᠲᠠ ᠣᠶᠢᠯᠠᠭᠤᠯᠬᠤ ᠪᠣᠯᠤᠭᠰᠠᠨ ᠳᠠᠭᠠᠨ ᠲᠣᠩ ᠪᠠᠶᠠᠷᠲᠠᠢ ᠪᠠᠶᠢᠨ᠎ᠠ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map