12 ᠰᠠᠷ᠎ᠠ ᠶᠢᠨ 11 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ︽ᠤᠯᠤᠰ ᠲᠥᠷᠥ ᠪᠠᠷ ᠴᠠᠭᠳᠠᠭ᠎ᠠ | ᠪᠠᠶᠢᠭᠤᠯᠬᠤ ᠶᠢ ᠪᠠᠷᠢᠮᠲᠠᠯᠠᠵᠤ ᠪᠦᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ︾ ᠬᠥᠮᠦᠵᠢᠯ ᠴᠡᠭᠴᠡᠯᠡᠯᠳᠡ ᠶᠢ | ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠶᠢᠨ ᠤᠯᠤᠰ ᠲᠦᠷᠦ ᠶᠢᠨ | ᠤᠨᠤᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠶᠢᠨ ᠲᠦᠯᠦᠭᠡ᠂ ᠬᠤᠲᠠ ᠶᠢᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠬᠠᠮᠲᠤᠷᠠᠨ | ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠢ ᠰᠡᠳᠦᠪᠲᠦ ᠲᠠᠶᠢᠯᠤᠮᠵᠢ ᠡᠷᠬᠢᠯᠡᠪᠡ᠃ | ᠲᠤᠰᠬᠠᠶ ᠰᠡᠳᠦᠪᠲᠦ ᠲᠠᠶᠢᠯᠤᠮᠵᠢ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠰᠠᠶᠢᠨ ᠳᠤᠷ᠎ᠠ ᠶᠢᠨ ᠠᠵᠢᠯᠯᠠᠭᠴᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠳᠡᠳ᠋ ᠫᠷᠤᠹᠧᠰᠰᠤᠷ ᠰᠥᠩ ᠶᠤᠸᠠᠢ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠪᠥᠬᠦ ᠲᠠᠯ᠎ᠠ | ᠶᠢᠨ ᠪᠦᠭᠡᠳ ᠰᠢᠰᠲ᠋ᠧᠮ ᠲᠠᠢ᠂ ᠬᠦᠨᠵᠡᠬᠡᠢ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃ ᠲᠠᠶᠢᠯᠤᠮᠵᠢ ᠨᠢ ᠮᠠᠰᠢ | ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ᠂ ᠥᠷᠭᠡᠨ ᠣᠯᠠᠨ ᠠᠷᠠᠳ ᠤᠨ ᠴᠠᠭᠳᠠᠭ᠎ᠠ | ᠲᠤᠰᠠᠯᠠᠭᠴᠢ ᠴᠠᠭᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠣᠶᠢᠯᠠᠭᠠᠨ ᠣᠨᠣᠪᠴᠢᠲᠠᠶ ᠡᠵᠡᠮᠰᠢᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠰᠢᠨ᠎ᠡ ᠴᠠᠭ | ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠲᠥᠯᠥᠪᠵᠢᠭᠦᠯᠵᠦ᠂ ᠰᠢᠨ᠎ᠡ ᠴᠠᠭ ᠦᠶ᠎ᠡ ᠶᠢᠨ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ | ᠃ | ᠲᠠᠶᠢᠯᠤᠮᠵᠢ ᠶᠢ ᠰᠣᠨᠣᠰᠴᠤ ᠪᠠᠷᠠᠭᠰᠠᠨ ᠤ ᠳᠠᠷᠠᠭ᠎ᠠ᠂ ᠥᠷᠭᠡᠨ ᠤᠯᠠᠨ ᠠᠷᠠᠳ ᠤᠨ ᠴᠠᠭᠳᠠᠭ᠎ᠠ ᠲᠤᠰᠠᠯᠠᠭᠴᠢ | ᠴᠠᠭᠳᠠᠭ᠎ᠠ ᠨᠠᠷ ᠢᠯᠡᠷᠭᠡᠶᠢᠯᠡᠵᠡᠭᠡᠭᠰᠡᠨ ᠨᠢ᠂ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ | ᠲᠡᠭᠡᠭᠰᠢᠯᠡᠬᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠠᠷᠢᠮᠲᠠᠯᠠᠵᠤ᠂ ︽ᠤᠯᠤᠰ ᠲᠥᠷᠥ ᠪᠠᠷ ᠴᠠᠭᠳᠠᠭ᠎ᠠ | ᠪᠠᠶᠢᠭᠤᠯᠬᠤ ᠶᠢ ᠪᠠᠷᠢᠮᠲᠠᠯᠠᠵᠤ ᠪᠦᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ︾ ᠬᠥᠮᠦᠵᠢᠯ ᠴᠡᠭᠴᠡᠯᠡᠯᠲᠡ ᠶᠢᠨ | ᠦᠷ᠎ᠡ ᠪᠦᠲᠦᠭᠡᠯ ᠢ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠤᠨ᠎ᠠ ᠬᠡᠵᠡᠢ᠃ | ᠬᠤᠲᠠ ᠶᠢᠨ ᠲᠤᠲᠤᠭᠠᠲᠤ ᠶᠢᠨ ᠬᠠᠮᠠᠭᠠᠯᠠᠬᠤ ᠲᠣᠪᠴᠢᠶᠠᠨ ᠤ ᠪᠠᠶᠢᠭᠤᠯᠭ᠎ᠠ᠂ ᠪᠢᠨ ᠾᠧ ᠶᠢᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠣᠨᠴᠠ ᠴᠠᠭᠳᠠᠭᠠᠨ ᠤ ᠰᠠᠯᠪᠤᠷᠢ ᠠᠩᠭᠢ ᠶᠢᠨ ᠵᠢᠵᠢᠬᠦᠷᠯᠡᠵᠦ | ᠪᠠᠶᠢᠭ᠎ᠠ ᠴᠠᠭᠳᠠᠭ᠎ᠠ᠂ ᠡᠭᠦᠷᠭᠡ ᠬᠦᠢᠴᠡᠳᠭᠡᠵᠦ ᠪᠠᠶᠢᠭ᠎ᠠ ᠴᠠᠭᠳᠠᠭ᠎ᠠ ᠠᠴᠠ ᠪᠤᠰᠣᠳ ᠪᠦᠬᠦ ᠠᠷᠠᠳ ᠤᠨ ᠴᠠᠭᠳᠠᠭ᠎ᠠ | ᠲᠤᠰᠠᠯᠠᠭᠴᠢ ᠴᠠᠭᠳᠠᠭ᠎ᠠ ᠲᠠᠶᠢᠯᠤᠮᠵᠢ ᠶᠢ ᠰᠣᠨᠣᠰᠴᠦ᠂ ᠭᠤᠷᠪᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ᠂ ᠬᠢᠨᠠᠨ ᠬᠠᠮᠢᠶᠠᠷᠬᠤ ᠰᠠᠯᠪᠤᠷᠢ | ᠠᠩᠭᠢ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠤᠪᠢᠶᠠᠷᠢ ᠬᠤᠷᠠᠯ ᠤᠨ ᠲᠠᠯᠠᠪᠠᠢ | ᠲᠣᠬᠢᠷᠠᠭᠤᠯᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ ᠪᠣᠯ ᠬᠤᠲᠠ ᠶᠢᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠤᠨ ᠥᠷᠨᠢᠭᠦᠯᠦᠭᠰᠡᠨ ︽ᠳᠣᠯᠤᠭ᠎ᠠ ᠶᠢ ᠣᠷᠣᠭᠤᠯᠬᠤ︾ | ᠠᠵᠢᠯᠯᠠᠭ᠎ᠠ ᠶᠢᠨ ᠨᠢᠭᠡ ᠨᠢ ᠪᠣᠯᠬᠤ ︽ᠪᠠᠶᠢᠭᠤᠯᠭ᠎ᠠ ᠳᠤ ᠣᠷᠣᠭᠤᠯᠬᠤ︾ ᠠᠵᠢᠯᠯᠠᠭ᠎ᠠ ᠪᠣᠯᠤᠨ᠎ᠠ᠃ ᠣᠳᠣ ᠪᠣᠯᠲᠠᠯ᠎ᠠ᠂ | ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠨᠢᠭᠡᠨᠲᠡ ︽ᠰᠤᠷᠭᠠᠭᠤᠯᠢ ᠳᠤ | ᠣᠷᠣᠭᠤᠯᠬᠤ︾ ︽ᠨᠡᠶᠢᠭᠡᠮ ᠲᠣᠭᠤᠷᠢᠭ ᠲᠤ ᠤᠷᠤᠭᠤᠯᠬᠤ︾ ︽ᠲᠠᠷᠢᠶᠠᠯᠠᠬᠤ ᠣᠷᠣᠨ ᠳᠤ ᠤᠷᠤᠭᠤᠯᠬᠤ︾ ᠵᠡᠷᠭᠡ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 13 ᠤᠳᠠᠭ᠎ᠠ ᠥᠷᠨᠢᠭᠦᠯᠵᠦ᠂ ᠵᠠᠯᠭᠠᠭᠠᠳ ᠪᠠᠰᠠ ᠣᠯᠠᠨ ᠲᠠᠯᠠᠪᠤᠷ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠪᠣᠯᠤᠨ᠎ᠠ᠃ |