ᠡᠨᠡ ᠵᠢᠯ ᠠᠴᠠ ᠨᠠᠰᠢ᠂ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠤᠶᠠᠯᠳᠣᠭᠤᠯᠣᠨ᠂ ᠮᠠᠨ ᠤ ᠬᠤᠲᠠ ᠲᠣᠰᠬᠤᠨ ᠤ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | — ᠲᠤᠷᠤᠢ ᠪᠠᠭᠤᠷᠠᠶ ᠰᠤᠯᠠ ᠵᠠᠳᠠᠭᠠᠶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠦᠷᠭᠦᠯᠵᠢᠯᠡᠨ ᠴᠡᠭᠴᠡᠯᠡᠪᠡ᠃ ᠮᠠᠨ ᠤ ᠬᠤᠲᠠ ᠴᠡᠭᠴᠡᠯᠡᠬᠦ ᠲᠥᠰᠦᠯ ᠲᠣᠭᠲᠠᠭᠠᠬᠤ ᠪᠠᠷ ᠳᠠᠮᠵᠢᠨ ᠲᠤᠭᠤᠷᠢᠭ ᠤᠨ | ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭ᠎ᠠ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠬᠤ᠂ | ᠰᠢᠶᠠᠨ ᠤ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠬᠤᠯᠪᠣᠭᠠᠯᠠᠨ ᠠᠳᠬᠤᠬᠤ ᠶᠢ ᠬᠡᠷᠡᠭᠵᠢᠭᠦᠯᠬᠦ᠂ ︽ | ᠳᠥᠷᠪᠡᠨ ᠨᠢᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠯᠪᠡᠷᠢ ᠨᠢ ᠲᠠᠷᠢᠶᠠᠯᠠᠬᠤ ᠣᠷᠣᠨ ᠤ | ᠲᠣᠷᠣᠢ ᠪᠠᠭᠤᠷᠠᠶ ᠰᠤᠯᠠ ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠷᠢᠯᠭᠠᠭᠰᠠᠨ ᠪᠠᠶᠢᠨ᠎ᠠ᠃ ᠪᠠᠶᠠᠵᠢᠭᠤᠯᠬᠤ ᠪᠠᠷ ᠳᠠᠶᠢᠴᠢᠯᠠᠬᠤ ᠴᠢᠳᠠᠪᠤᠷᠢ ᠴᠢᠩᠭ᠎ᠠ ᠪᠤᠰᠤ᠂ ᠵᠣᠬᠢᠶᠠᠨ ᠪᠠᠶᠢᠭᠤᠯᠵᠤ | ᠳᠠᠶᠢᠴᠢᠯᠠᠬᠤ ᠴᠢᠳᠠᠪᠤᠷᠢ ᠪᠠᠷ ᠨᠡᠯᠢᠶᠡᠳ ᠪᠠᠭᠤᠷᠠᠶ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠢᠷᠤᠮᠵᠢᠯ | ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠷᠢᠴᠠᠩᠭᠤᠶ ᠪᠠᠷ ᠬᠤᠴᠣᠷᠤᠩᠭᠤᠶ ᠨᠠᠮ ᠤᠨ ᠵᠣᠬᠢᠶᠠᠨ | ᠪᠠᠶᠢᠭᠤᠯᠤᠯᠲᠠ ᠶᠢ ᠬᠤᠪᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠪᠠ︔ ᠲᠠᠪᠤᠨ ᠱᠠᠲᠤᠨ ᠤ ᠱᠦᠵᠢ ᠶᠢᠨ | ᠠᠶᠢᠯᠴᠢᠯᠠᠯᠲᠠ ᠬᠢᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 19 ᠨᠡᠷᠡᠰ ᠨᠢᠭᠡᠳᠦᠭᠡᠷ ᠱᠦᠵᠢ ᠶᠢ | ᠲᠣᠰᠬᠤᠨ ᠳᠤ ᠲᠣᠮᠢᠯᠠᠨ ᠲᠤᠰᠢᠶᠠᠯ ᠡᠭᠦᠷᠭᠡᠯᠡᠭᠦᠯᠵᠦ᠂ ᠲᠣᠰᠬᠤᠨ ᠳᠤ ᠰᠠᠭᠤᠭ᠎ᠠ 67 ᠠᠵᠢᠯᠳᠠᠨ ᠤ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ | ᠬᠦᠴᠦᠨ ᠪᠠ ᠳᠠᠶᠢᠴᠢᠨ ᠬᠦᠴᠦᠨ ᠢ ᠬᠦᠴᠦᠲᠡᠶ ᠳᠡᠭᠡᠭᠰᠢᠯᠡᠭᠦᠯᠵᠡᠶ᠃ | — ︽ᠬᠠᠮᠤᠭ ᠤᠨ ᠴᠢᠩᠭ᠎ᠠ ᠨᠠᠮ ᠤᠨ ᠡᠭᠦᠷ︾ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠥᠷᠨᠢᠭᠦᠯᠪᠡ᠃ ᠮᠠᠨ ᠤ ᠬᠤᠲᠠ ᠭᠤᠷᠪᠠᠨ ᠵᠢᠯ ᠳᠠᠷᠠᠭᠠᠯᠠᠨ ᠨᠠᠮ ᠤᠨ ᠡᠭᠦᠷ ᠤᠨ | ᠪᠠᠷᠢᠮᠵᠢᠶᠠᠵᠢᠯᠲᠠ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠨᠠᠮ ᠤᠨ | ᠡᠭᠦᠷ ᠤᠨ ᠪᠠᠷᠢᠮᠵᠢᠶᠠᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 2016 | ᠣᠨ ᠳᠤ 30% ᠬᠦᠷᠬᠦ ᠦᠭᠡᠢ ᠪᠠᠶᠢᠭᠰᠠᠨ ᠠᠴᠠ ᠳᠡᠭᠡᠭᠰᠢᠯᠡᠭᠡᠳ ᠣᠳᠣᠬᠠᠨ ᠤ 100% ᠳᠤ ᠬᠦᠷᠴᠡᠢ᠃ ᠡᠨᠡ | ᠬᠦ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ︽ᠲᠠᠪᠤᠵᠢᠭᠤᠯᠤᠯᠲᠠ ᠶᠢ ᠬᠠᠮᠵᠢᠯᠴᠠᠭᠤᠯᠬᠤ᠂ | ᠦᠨᠳᠦᠰᠦᠨ ᠱᠠᠲᠤ ᠶᠢ ᠶᠡᠬᠡᠪᠡᠷ ᠠᠳᠬᠤᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠬᠠᠮᠤᠭ ᠤᠨ | ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠳᠠ ᠶᠢ ᠶᠡᠬᠡᠪᠡᠷ ᠥᠷᠨᠢᠭᠦᠯᠵᠤ᠂ ᠮᠠᠨ ᠤ ᠬᠤᠲᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ 14 ᠵᠤᠷᠪᠤᠰ ᠥᠪᠡᠷᠮᠢᠴᠡ ᠪᠠᠷᠢᠮᠵᠢᠶ᠎ᠠ ᠲᠣᠭᠲᠠᠭᠠᠵᠤ᠂ ︽ᠬᠠᠮᠤᠭ ᠤᠨ | ᠴᠢᠩᠭ᠎ᠠ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠴᠡᠭ ᠢ 5 ᠪᠠᠶᠢᠭᠤᠯᠵᠤ᠂ ᠡᠨᠡ ᠵᠢᠯ ᠤᠨ ᠰᠡᠭᠦᠯᠴᠢ ᠪᠠᠷ ᠪᠦᠬᠦ | ᠬᠤᠲᠠ ᠶᠢᠨ ᠲᠠᠷᠢᠶᠠᠯᠠᠬᠤ ᠣᠷᠣᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠬᠠᠷᠢᠴᠠᠯ ᠢ | 60% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠵᠤ ᠪᠠᠶᠢᠨ᠎ᠠ᠃ | — ᠲᠠᠷᠢᠶᠠᠯᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠲᠠᠰᠣᠷᠠᠯᠳᠠ ᠥᠬᠡᠶ ᠳᠡᠭᠡᠭᠰᠢᠯᠡᠭᠦᠯᠪᠡ᠃ ᠣᠳᠣᠬᠠᠨ ᠳᠤ ᠪᠦᠬᠦ ᠬᠤᠲᠠ ᠶᠢᠨ 13 ᠵᠠᠰᠠᠭ ᠵᠠᠬᠢᠷᠭᠠᠨ ᠤ ᠲᠣᠰᠬᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠦᠷ ᠫᠠᠶᠢᠰᠠ ᠡᠯᠭᠦᠵᠡᠶ᠃ ᠡᠭᠦᠨ ᠤ ᠳᠣᠲᠣᠷ᠎ᠠ 9 ᠨᠢ | ᠨᠢᠭᠡᠨᠲᠡ ︽ᠨᠢᠭᠡ ᠲᠢᠩᠬᠢᠮ ᠵᠢᠷᠭᠤᠭᠠᠨ ᠲᠣᠭᠤᠷᠢᠭ ᠤᠨ ᠣᠯᠠᠨ ᠡᠰᠢᠵᠢᠭᠰᠡᠨ︾ ᠴᠢᠳᠠᠮᠵᠢ ᠶᠢᠨ ᠪᠠᠶᠢᠷᠢᠰᠢᠭᠤᠯᠤᠯᠲᠠ | ᠶᠣᠰᠣᠭᠠᠷ ᠪᠣᠳᠠᠲᠤ ᠴᠣᠭᠴᠠᠲᠤ ᠠᠵᠢᠯᠯᠠᠭᠠᠨ ᠢ ᠪᠡᠶᠡᠯᠡᠭᠦᠯᠵᠦ᠂ ᠦᠯᠡᠳᠡᠭᠰᠡᠨ 4 ᠨᠢ ᠶᠠᠭ ᠱᠠᠯᠠᠪᠳᠠᠨ ᠲᠡᠭᠦᠯᠳᠡᠷᠵᠢᠵᠦ | ᠪᠤᠶ᠃ ᠵᠢᠱᠢᠯᠲᠡ ᠪᠠᠷ ᠵᠢᠯ ᠤᠨ ᠡᠴᠦᠰ ᠲᠤ ᠲᠡᠰ ᠲᠡᠪᠰᠢᠬᠦᠯᠦᠨ ᠥᠭᠡᠷᠡᠴᠢᠯᠡᠬᠦ ᠶᠢ ᠪᠡᠶᠡᠯᠡᠭᠦᠯᠬᠦ ᠪᠤᠯᠤᠨ᠎ᠠ᠃ ᠮᠠᠨ ᠤ | ᠬᠤᠲᠠ ᠵᠠᠰᠠᠭ ᠵᠠᠬᠢᠷᠭᠠᠨ ᠤ ᠲᠣᠰᠬᠤᠨ ᠨᠢᠭᠡᠪᠦᠷᠢ ᠵᠢᠯ ᠳᠤ 10 ᠲᠦᠮᠡᠨ ᠲᠥᠭᠦᠷᠢᠭ ᠤᠨ ᠠᠯᠪᠠᠨ ᠵᠠᠷᠤᠳᠠᠯ᠂ | ᠨᠠᠮ ᠤᠨ ᠭᠡᠰᠢᠭᠦᠨ ᠨᠢᠭᠡᠪᠦᠷᠢ 500 ᠲᠥᠭᠦᠷᠢᠭ ᠤᠨ ᠠᠵᠢᠯᠯᠠᠭᠠᠨ ᠤ ᠵᠠᠷᠤᠳᠠᠯ ᠤᠨ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠶᠢᠨ ᠬᠠᠮᠲᠤ᠂ ᠭᠠᠴᠠᠭᠠᠨ ᠤ ᠺᠠᠳ᠋ᠷ ᠤᠨ ᠬᠠᠷᠠᠭᠠᠯᠵᠠᠯ ᠤᠨ ᠬᠡᠪ ᠤᠨ ᠨᠡᠮᠡᠭᠳᠡᠯ ᠤᠨ | ᠲᠣᠭᠲᠠᠴᠠ ᠶᠢ ᠪᠠᠶᠢᠭᠤᠯᠵᠤ᠂ ︽ᠨᠢᠭᠡ ᠬᠦᠮᠦᠨ ᠬᠤᠶᠠᠷ ᠲᠤᠰᠢᠶᠠᠯ ᠡᠭᠦᠷᠭᠡᠯᠡᠬᠦ︾ ᠬᠥᠮᠦᠰ᠂ ᠲᠣᠰᠬᠤᠨ ᠤ ︽ | ᠬᠤᠶᠠᠷ ᠵᠥᠪᠯᠡᠯ︾ ᠤᠨ ᠬᠥᠮᠦᠰ ᠤᠨ ᠵᠢᠯ ᠳᠤᠮᠳᠠᠴᠢ ᠶᠢᠨ ᠬᠥᠯᠥᠰᠥ ᠣᠯᠭᠤᠮᠵᠢ ᠨᠢ ᠴᠥᠮ ᠥᠪᠡᠷᠲᠡᠭᠡᠨ ᠵᠠᠰᠠᠬᠤ | ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠤᠯᠭᠠᠵᠠᠢ᠃ |