ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ ᠪᠣᠯᠪᠠᠰᠤᠷᠠᠯ ᠤᠨ ᠠᠩᠭᠢ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/12/8
     12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠡᠦᠭᠡᠳ ᠤᠨ ᠴᠡᠴᠡᠷᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ ᠪᠣᠯᠪᠠᠰᠤᠷᠠᠯ ᠤᠨ ᠠᠩᠭᠢ ᠮᠠᠨ ᠤ ᠬᠤᠲᠠ ᠳᠤ ᠶᠠᠪᠤᠭᠳᠠᠪᠠ᠃ ᠲᠣᠰ ᠤᠳᠠᠭᠠᠨ ᠤ ᠪᠣᠯᠪᠠᠰᠤᠷᠠᠯ ᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠨᠢᠭᠲᠠᠯᠠᠨ ᠪᠤᠳᠤᠬᠤ ᠲᠤᠰᠬᠠᠶ ᠮᠡᠷᠭᠡᠵᠢᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠲᠠᠭᠠᠭᠠᠴᠢᠯᠠᠨ ᠡᠷᠭᠢᠯᠡᠵᠡᠢ᠃      ᠡᠨᠡ ᠤᠳᠠᠭᠠᠨ ᠤ ᠪᠣᠯᠪᠠᠰᠤᠷᠠᠯ ᠨᠢ ᠭᠤᠤᠯᠳᠠᠭᠤ ᠳᠤᠮᠳᠠᠳᠤ ᠪᠠᠭ᠎ᠠ ᠰᠤᠷᠭᠠᠭᠤᠯᠢ ᠶᠢᠨ ᠨᠢᠭᠲᠠᠯᠠᠨ ᠪᠣᠳᠣᠭᠴᠢ ᠶᠢᠨ ᠰᠠᠭᠤᠷᠢ ᠠᠵᠢᠯ ᠤᠨ ᠵᠢᠷᠤᠮᠵᠢᠯ ᠵᠢᠴᠢ ᠨᠢᠭᠲᠠᠯᠠᠨ ᠪᠣᠳᠣᠭᠴᠢ ᠶᠢᠨ ᠬᠢᠨᠠᠯᠲᠠ᠂ ᠲᠣᠭᠲᠠᠮᠠᠯ ᠬᠥᠷᠥᠩᠭᠡ ᠵᠢᠴᠢ ᠨᠢᠭᠲᠠᠯᠠᠨ ᠪᠣᠳᠣᠬᠤ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠭᠤᠯᠭ᠎ᠠ ᠳᠤ ᠬᠤᠯᠪᠣᠭᠳᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠣᠯᠳᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠨᠠᠩ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠠᠩ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠤᠯᠤᠨ᠎ᠠ ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map