ᠮᠠᠨ ᠤ ᠬᠤᠲᠠ ᠶᠢᠨ ᠬᠤᠶᠠᠷ ᠲᠥᠰᠦᠯ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠲᠥᠰᠦᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2020-04-14
     ᠣᠶᠢᠷ᠎ᠠ ᠳᠤ᠂ ᠮᠠᠨ ᠤ ᠬᠤᠲᠠ ᠶᠢᠨ ᠬᠤᠶᠠᠷ ᠲᠥᠷᠥᠯ ᠵᠦᠢᠯ 2020 ᠣᠨ ᠤ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠲᠥᠷᠥᠯ ᠵᠦᠢᠯ ᠳᠤ ᠰᠣᠩᠭᠤᠭᠳᠠᠨ ᠣᠷᠣᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠪᠡ᠃      ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠲᠥᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠤ ᠲᠠᠰ ᠲᠠᠪᠬᠤᠷᠭ᠎ᠠ ᠪᠠᠷ ᠨᠡᠯᠢᠶᠡᠳ ᠥᠨᠳᠥᠷ᠂ ᠡᠷᠬᠡ ᠰᠦᠷᠲᠦ ᠴᠢᠨᠠᠷ ᠢᠶᠠᠷ ᠨᠡᠯᠢᠶᠡᠳ ᠴᠢᠩᠭ᠎ᠠ ᠲᠥᠷᠥᠯ ᠵᠦᠢᠯ ᠪᠣᠯᠤᠨ᠎ᠠ᠃ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠤᠷᠢᠳᠴᠢᠯᠠᠨ ᠪᠠᠶᠢᠷᠢᠰᠢᠭᠤᠯᠵᠤ᠂ 2020 ᠣᠨ ᠤ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠵᠤᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 6 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠡᠴᠦᠰ ᠤᠨ ᠬᠤᠶᠠᠷ ᠲᠥᠷᠥᠯ ᠵᠦᠢᠯ ᠢ ᠠᠮᠵᠢᠯᠲᠠ ᠲᠠᠢ ᠲᠣᠭᠲᠠᠭᠠᠪᠠ᠃      2020 ᠣᠨ ᠳᠤ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠲᠥᠷᠥᠯ ᠵᠦᠢᠯ ᠨᠡᠶᠢᠲᠡ 77 ᠲᠥᠷᠥᠯ ᠵᠦᠢᠯ ᠨᠢ ᠪᠠᠶᠢᠭᠤᠯᠬᠤ ᠪᠠᠷ ᠵᠥᠪᠰᠢᠶᠡᠷᠡᠭᠳᠡᠪᠡ᠃ ᠲᠣᠰ ᠤᠳᠠᠭᠠᠨ ᠤ ᠬᠤᠶᠠᠷ ᠲᠥᠷᠥᠯ ᠵᠦᠢᠯ ᠢ ᠵᠥᠪᠰᠢᠶᠡᠷᠡᠭᠦᠯᠦᠨ ᠲᠣᠭᠲᠠᠭᠠᠭᠰᠠᠨ ᠶᠠᠪᠤᠳᠠᠯ ᠪᠣᠯ ᠮᠠᠨ ᠤ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠭᠰᠠᠨ ᠤ ᠦᠷ᠎ᠡ ᠪᠦᠲᠦᠭᠡᠯ ᠮᠥᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠷ ᠠᠮᠢᠰᠬᠤᠯ ᠢ ᠪᠤᠢ ᠪᠣᠯᠭᠠᠵᠤ ᠂ ᠮᠠᠨ ᠤ ᠬᠤᠲᠠ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠡᠴᠡᠭᠯᠡᠨ ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map