ᠮᠠᠨ ᠤ ᠬᠤᠲᠠ ︽ᠲᠠᠶᠠᠭᠠᠷ ᠢᠶᠠᠨ ᠰᠡᠳᠭᠢᠯ ᠨᠢᠭᠡᠳᠴᠦ ᠬᠢᠵᠢᠭ ᠤᠨ ᠪᠠᠶᠢᠳᠠᠯ ᠲᠠᠢ ᠲᠡᠮᠡᠴᠡᠶ᠎ᠠ︾ ᠭᠡᠬᠦ ᠭᠤᠤᠯ ᠰᠡᠲᠦᠪᠲᠤ ᠭᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ ᠡᠷᠬᠢᠯᠡᠪᠡ
ᠨᠡᠶᠢᠲᠡᠯᠡᠭᠰᠡᠨ ᠴᠠᠭ᠄
2020-04-16
     4 ᠰᠠᠷ᠎ᠠ ᠶᠢᠨ 15 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ ︽ᠲᠠᠶᠠᠭᠠᠷ ᠢᠶᠠᠨ ᠰᠡᠳᠭᠢᠯ ᠨᠢᠭᠡᠳᠴᠦ ᠬᠢᠵᠢᠭ ᠤᠨ ᠪᠠᠶᠢᠳᠠᠯ ᠲᠠᠢ ᠲᠡᠮᠡᠴᠡᠶ᠎ᠠ — ᠦᠬᠠᠶ ᠬᠤᠲᠠ ᠶᠢᠨ ᠬᠢᠵᠢᠭ ᠢ ᠡᠰᠡᠷᠭᠦᠴᠡᠬᠦ ᠬᠤᠷᠢᠭᠯᠠᠯᠳᠠ ᠶᠢᠨ ᠲᠠᠶᠢᠯᠠᠯᠳᠣᠭᠠᠨ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠬᠡᠬᠦ ᠠᠵᠢᠯᠯᠠᠭ᠎ᠠ ᠦᠷᠭᠦᠯᠵᠢᠯᠡᠵᠦ ᠪᠤᠢ︾ ᠬᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶ ᠰᠢᠶᠣᠤ ᠴᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠿᠧᠨ ᠸᠧᠨ ᠢ ᠠᠵᠢᠯᠯᠠᠭ᠎ᠠ ᠳᠤ ᠣᠷᠣᠯᠴᠠᠵᠠᠶ᠃

     ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠰᠢ᠂

ᠥᠷᠭᠡᠨ ᠣᠯᠠᠨ ᠨᠠᠮ ᠤᠨ ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠪᠤᠭᠤᠮᠳᠠ ᠰᠠᠬᠢᠵᠤ ᠵᠢᠵᠢᠬᠦᠷᠯᠡᠬᠦ᠂

ᠵᠢᠵᠢᠭ ᠲᠣᠭᠤᠷᠢᠭ ᠲᠤ ᠬᠠᠷᠠᠭᠤᠯ ᠵᠤᠭᠰᠣᠬᠤ᠂ ᠵᠠᠮ ᠢᠶᠠᠷ ᠲᠣᠭᠤᠷᠢᠨ ᠪᠠᠶᠢᠴᠠᠭᠠᠬᠤ ᠡᠭᠦᠷᠭᠡ ᠬᠦᠢᠴᠡᠳᠭᠡᠵᠦ᠂

ᠬᠠᠮᠢᠭ᠎ᠠ ᠠᠶᠤᠯ ᠲᠦᠭᠰᠢᠬᠦᠷᠢ ᠲᠠᠢ᠂ ᠬᠠᠮᠢᠭ᠎ᠠ ᠬᠦᠴᠢᠷ ᠪᠡᠷᠬᠡᠰᠢᠶᠡᠯᠲᠡᠶ ᠪᠣᠯ ᠲᠡᠨᠳᠡ ᠡᠪ ᠬᠠᠮᠲᠤ ᠨᠠᠮ ᠤᠨ

ᠭᠡᠰᠢᠭᠦᠨ ᠤ ᠪᠠᠷ᠎ᠠ ᠬᠠᠷᠠᠭᠳᠠᠵᠦ ᠪᠠᠶᠢᠳᠠᠭ᠃ ᠡᠭᠦᠨ ᠤ ᠵᠡᠷᠭᠡ ᠳᠤ᠂ ᠡᠯ᠎ᠡ ᠵᠠᠮ ᠤᠨ ᠰᠠᠶᠢᠨ ᠳᠤᠷᠠᠴᠤᠳ ᠥᠪᠡᠷ ᠤᠨ

ᠣᠨᠴᠠᠭᠠᠶ ᠠᠷᠭ᠎ᠠ ᠮᠠᠶ᠋ᠢᠭ ᠢᠶᠠᠷ ᠢᠶᠠᠨ ᠬᠠᠶᠢᠷ᠎ᠠ ᠬᠠᠯᠠᠮᠵᠢ ᠪᠠᠨ ᠡᠷᠭᠦᠵᠦ᠂ ᠰᠠᠭᠤᠭᠠᠯᠢ ᠠᠷᠠᠳ ᠣᠯᠠᠨ ᠶᠡᠭᠡ ᠲᠠᠯ᠎ᠠ ᠶᠢ

ᠳᠠᠭᠠᠵᠤ ᠪᠡᠶ᠎ᠡ ᠪᠠᠨ ᠪᠠᠷᠢᠵᠦ ᠭᠠᠳᠠᠭᠰᠢ ᠭᠠᠷᠬᠤ ᠦᠭᠡᠶ᠂ ᠭᠠᠳᠠᠭᠰᠢ ᠳᠤᠲᠠᠭᠤ ᠭᠠᠷᠬᠤ ᠤᠷᠢᠶᠠᠯᠠᠭ᠎ᠠ ᠶᠢ

ᠤᠬᠠᠮᠰᠠᠷ ᠠᠴᠠ ᠪᠠᠨ ᠴᠤᠤᠷᠢᠶᠠᠲᠤᠨ ᠳᠠᠭᠠᠪᠠ᠃ ᠡᠯ᠎ᠡ ᠠᠵᠢᠯ ᠲᠥᠷᠥᠯ ᠤᠨ ᠥᠷᠭᠡᠨ ᠣᠯᠠᠨ ᠠᠵᠢᠯᠲᠠᠳ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠡᠳᠦᠷ ᠰᠥᠨᠢ ᠦᠭᠡᠢ ᠡᠷᠡᠯᠬᠡᠭᠯᠡᠨ ᠪᠠᠶᠢᠯᠳᠤᠵᠤ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠲᠠᠶᠢᠯᠠᠯᠳᠣᠭᠠᠨ ᠤ ᠢᠯᠠᠯᠲᠠ ᠶᠢ ᠣᠯᠬᠤ ᠳᠤ

ᠥᠪᠡᠷ ᠤᠨ ᠬᠦᠴᠦᠨ ᠴᠢᠳᠠᠯ ᠢᠶᠠᠨ ᠵᠣᠷᠢᠭᠤᠯᠪᠠ᠃ ᠬᠤᠶᠠᠷ ᠰᠠᠷ᠎ᠠ ᠪᠣᠯᠤᠭ᠎ᠠ ᠦᠭᠡᠢ ᠬᠤᠭᠤᠴᠠᠭᠠᠨ ᠳᠤ ᠮᠠᠨ ᠤ

ᠬᠤᠲᠠ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠳᠡᠢ ᠡᠪᠡᠳᠴᠢᠨ ᠤ ᠵᠢᠱᠢᠶ᠎ᠡ ᠶᠢ ᠬᠤᠣᠰ ᠳᠠᠩ ᠪᠤᠯᠭᠠᠪᠠ᠃

     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠨ ᠤ ᠬᠤᠲᠠ ᠶᠢᠨ ᠥᠷᠭᠡᠨ ᠣᠯᠠᠨ

ᠭᠡᠷᠡᠯ ᠵᠢᠷᠤᠭ ᠤᠨ ᠲᠤᠷᠠᠴᠣᠳ ᠰᠡᠭᠦᠳᠡᠷᠯᠡᠬᠦ ᠮᠠᠰᠢᠨ ᠢᠶᠠᠷ ᠢᠶᠠᠨ ᠬᠢᠵᠢᠭ ᠢ ᠡᠰᠡᠷᠭᠦᠴᠡᠬᠦ ᠬᠤᠷᠢᠭᠯᠠᠯᠳᠠ ᠶᠢᠨ

ᠲᠠᠶᠢᠯᠠᠯᠳᠣᠭᠠᠨ ᠤ ᠠᠮᠢᠳᠤᠯᠢᠭ ᠭᠱᠠᠨ ᠢ ᠲᠡᠮᠳᠡᠭᠯᠡᠪᠡ᠃ ᠭᠤᠷᠪᠠᠳᠤᠭᠠᠷ ᠰᠠᠷ᠎ᠠ ᠶᠢᠨ ᠰᠡᠭᠦᠯᠴᠢ ᠪᠠᠷ᠂ ᠬᠤᠳᠠ ᠶᠢᠨ

ᠠᠵᠢᠯᠴᠢᠨ ᠤ ᠶᠡᠷᠦᠩᠬᠡᠢ ᠡᠪᠯᠡᠯ ᠠᠴᠠ ᠦᠬᠠᠢ ᠶᠢᠨ ᠣᠷᠠᠯᠢᠭ ᠭᠡᠷᠡᠯ ᠵᠢᠷᠤᠭ ᠤᠨ ᠨᠡᠶᠢᠭᠡᠮᠯᠢᠭ ᠤᠨ ᠬᠡᠰᠡᠭ ᠭᠡᠷᠡᠯ

ᠵᠢᠷᠤᠭᠴᠢᠨ ᠢ ᠵᠣᠬᠢᠶᠠᠨ ᠪᠠᠶᠢᠭᠤᠯᠵᠤ᠂ ᠭᠤᠷᠪᠠᠨ ᠲᠣᠭᠤᠷᠢᠭ ᠤᠨ 11 ᠭᠤᠣᠯᠳᠠᠯᠭ᠎ᠠ ᠲᠠᠢ ᠠᠵᠤ ᠠᠬᠤᠶᠢᠯᠠᠯ ᠳᠤ

ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠬᠡᠵᠦ ᠪᠠᠶᠢᠭ᠎ᠠ

ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠪᠡ᠃

     ᠲᠣᠰ ᠤᠳᠠᠭᠠᠨ ᠤ ᠪᠦᠲᠦᠭᠡᠯ ᠤᠨ ᠦᠵᠡᠭᠦᠯᠦᠯᠭᠡ ᠨᠢ ︽ᠬᠢᠵᠢᠭ ᠢ ᠡᠰᠡᠷᠭᠦᠴᠡᠬᠦ ᠬᠤᠷᠢᠭᠯᠠᠯᠳᠠ ᠶᠢᠨ

ᠲᠠᠶᠢᠯᠠᠯᠳᠣᠭᠠᠨ︾᠂ ︽ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠᠶᠢᠭ᠎ᠠ ᠨᠢ︾᠂ ︽

ᠪᠠᠭᠠᠲᠤᠷᠴᠤᠳ ᠤᠨ ᠢᠯᠠᠯᠲᠠ ᠲᠠᠢ ᠪᠠᠷ ᠪᠤᠴᠠᠭᠰᠠᠨ ᠨᠢ︾ ᠭᠡᠵᠦ ᠭᠤᠷᠪᠠᠨ ᠪᠦᠯᠦᠭ ᠬᠤᠪᠢᠶᠠᠭᠳᠠᠵᠤ᠂ ᠨᠡᠶᠢᠲᠡ

20 ᠬᠡᠷᠡᠯ ᠵᠢᠷᠤᠭ ᠤᠨ ᠲᠤᠷᠠᠴᠣᠳ ᠤᠨ 84 ᠪᠦᠲᠦᠭᠡᠯ ᠢ ᠲᠡᠯᠬᠡᠵᠡᠢ᠃ ᠡᠳᠡᠭᠡᠷ ᠪᠦᠲᠦᠭᠡᠯ ᠨᠢ ᠠᠳᠠᠯᠢ ᠪᠤᠰᠤ

ᠬᠠᠷᠠᠭᠠᠰᠤ ᠠᠴᠠ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠬᠡᠬᠦ ᠳᠤᠮᠳᠠᠬᠢ ᠰᠠᠶᠢᠨ ᠰᠠᠶᠢᠬᠠᠨ ᠤᠶᠤᠨ

ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ

ᠡᠯ᠎ᠡ ᠠᠵᠢᠯ ᠲᠦᠷᠦᠯ ᠤᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠪᠠ ᠮᠠᠷᠲᠠᠭᠳᠠᠰᠢ ᠦᠭᠡᠢ

ᠭᠱᠠᠨ ᠵᠠᠭᠤᠷ᠎ᠠ ᠶᠢ ᠳᠠᠬᠢᠨᠲᠠ ᠢᠯᠡᠷᠡᠭᠦᠯᠵᠦ᠂ ᠪᠦᠯᠬᠦᠮᠳᠡᠨ ᠨᠢᠭᠳᠠᠷᠠᠬᠤ ᠪᠣᠯ ᠠᠯᠢᠪᠠ ᠬᠦᠴᠢᠷ ᠪᠡᠷᠬᠡᠰᠢᠶᠡᠯ ᠢ ᠢᠯᠠᠨ

ᠳᠠᠪᠠᠭ᠋ᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠮᠥᠨ ᠭᠡᠳᠡᠭ ᠢ ᠲᠠᠶᠢᠯᠪᠤᠷᠢᠯᠠᠭᠰᠠᠨ ᠪᠠᠶᠢᠨ᠎ᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map