ᠬᠤᠲᠠ ᠶᠢᠨ ᠤᠳᠤᠷᠢᠳᠤᠯᠭ᠎ᠠ ᠨᠠᠷ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2020-04-17
     4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠹᠸᠢ ᠶᠦᠨ ᠪᠦᠯᠬᠦᠮ ᠳᠠᠭᠠᠭᠤᠯᠤᠨ ᠮᠠᠨ ᠤ ᠬᠤᠲᠠ ᠶᠢᠨ ᠬᠡᠰᠡᠭ ᠠᠭᠤᠷᠬᠠᠶ ᠶᠢᠨ ᠭᠠᠷᠤᠯᠲᠠ᠂ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠴᠢ ᠹᠸᠢ ᠶᠦᠨ ᠤᠷᠢᠳ ᠬᠤᠵᠢᠳ ᠲᠢᠶᠠᠨ ᠢᠦᠶ ᠭᠤᠤ ᠯᠢᠩ ᠲᠤ ᠳᠡᠭᠡᠳᠦ ᠰᠢᠨ᠎ᠡ ᠮᠡᠷᠭᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠤ ᠯᠢᠩ ᠲᠤ ᠠᠭᠤᠷᠬᠠᠶ᠂ ᠬᠠᠶ ᠮᠧᠶ ᠰᠧ ᠸᠠᠭᠠᠷ ᠱᠠᠵᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠯ ᠳᠤ ᠲᠡᠰᠪᠦᠷᠢᠲᠠᠢ ᠨᠠᠩᠭᠢ ᠰᠢᠷᠣᠶ ᠶᠢᠨ ᠠᠭᠤᠷᠬᠠᠶ ᠶᠢᠨ ᠠᠭᠤᠷᠬᠠᠶ ᠮᠠᠯᠲᠠᠬᠤ ᠲᠤᠬᠠᠶ ᠶᠢᠨ ᠲᠠᠯᠠᠪᠠᠶ ᠳᠤ ᠬᠦᠷᠴᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ᠂ ᠠᠭᠤᠷᠬᠠᠶ ᠮᠠᠯᠲᠠᠬᠤ ᠡᠷᠬᠡ᠂ ᠠᠭᠤᠷᠬᠠᠶ ᠮᠠᠯᠲᠠᠬᠤ ᠲᠥᠷᠥᠯ᠂ ᠭᠠᠶᠢᠯᠢ ᠲᠠᠲᠠᠪᠤᠷᠢ᠂ ᠦᠢᠯᠡᠳᠪᠦᠷᠢᠯᠡᠯ ᠤᠨ ᠬᠡᠪᠴᠢᠶ᠎ᠡ᠂ ᠠᠭᠤᠷᠬᠠᠶ ᠶᠢᠨ ᠣᠷᠣᠨ ᠤ ᠲᠠᠯᠠᠪᠠᠶ᠂ ᠬᠠᠮᠢᠶ᠎ᠠ ᠪᠥᠬᠦᠶ ᠬᠢᠷᠢ ᠬᠡᠮ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠢ ᠹᠸᠢ ᠶᠦᠨ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠵᠤ᠂ ᠭᠦᠨᠵᠡᠭᠡᠶ ᠠᠭᠤᠳᠠᠯᠵᠤ ᠲᠦᠢᠯᠪᠤᠷᠢᠲᠠᠶ ᠪᠠᠶᠢᠴᠠᠭᠠᠵᠤ᠂ ᠠᠰᠠᠭᠤᠳᠠᠯ ᠢ ᠪᠠᠶᠢᠴᠠᠭᠠᠬᠤ ᠳᠤ ᠪᠤᠯᠤᠩ ᠦᠯᠡᠳᠡᠭᠡᠬᠦ ᠥᠬᠡᠶ᠂ ᠰᠣᠬᠤᠷ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠤᠯᠪᠣᠭᠳᠠᠯ ᠪᠦᠬᠦᠢ ᠪᠠᠶᠢᠳᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠴᠢᠩᠭ᠎ᠠ ᠪᠠᠶᠢᠴᠠᠭᠠᠯᠲᠠ ᠬᠢᠵᠦ ᠬᠢᠨᠠᠨ ᠬᠠᠷᠭᠤᠭᠤᠯᠬᠤ ᠬᠡᠷᠡᠭᠲᠡᠶ᠃ ᠮᠠᠲ᠋ᠧᠷᠢᠶᠠᠯ ᠢ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠬᠤ ᠪᠣᠭᠤᠮᠲᠠ ᠶᠢ ᠴᠢᠩᠳᠠᠯᠠᠵᠤ᠂ ᠲᠤᠭ᠎ᠠ ᠪᠠᠷᠢᠮᠲᠠ ᠶᠢᠨ ᠪᠦᠷᠢᠨ ᠲᠡᠭᠦᠯᠳᠡᠷ ᠣᠨᠣᠪᠴᠢᠲᠠᠶ᠂ ᠦᠨᠡᠨ ᠪᠣᠳᠠᠲᠠᠶ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠤᠳᠠ ᠲᠣᠭᠤᠷᠢᠭ ᠤᠨ ᠨᠡᠭᠦᠷᠡᠰᠦᠨ ᠠᠭᠤᠷᠬᠠᠶ ᠶᠢᠨ ᠭᠠᠯ ᠤᠨᠲᠠᠷᠠᠭᠠᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ᠂ ᠴᠢ ᠹᠸᠢ ᠶᠦᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠢᠨᠵᠧᠨᠧᠷᠢᠩ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠢᠨᠵᠧᠨᠧᠷᠢᠩ ᠤᠨ ᠠᠬᠢᠴᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠴᠢ ᠹᠸᠢ ᠶᠦᠨ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠳ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠵᠤ᠂ ᠭᠠᠯ ᠤᠨᠲᠠᠷᠠᠭᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠡᠷᠡᠭᠵᠢᠭᠦᠯᠵᠦ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠬᠡᠷᠡᠭᠲᠡᠢ︔ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠯ ᠤᠨᠲᠠᠷᠠᠭᠠᠬᠤ ᠢᠨᠵᠧᠨᠧᠷᠢᠩ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠵᠡᠷᠭᠡ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠢᠶᠠᠨ ᠤ ᠭᠤᠤᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠬᠦᠷᠢᠶ᠎ᠡ ᠴᠠᠷᠢᠶ᠎ᠠ᠂ ᠴᠠᠭ ᠬᠤᠭᠤᠴᠠᠭ᠎ᠠ᠂ ᠠᠵᠤ ᠠᠬᠤᠶᠢᠯᠠᠯ᠂ ᠠᠵᠢᠯᠲᠠᠨ ᠵᠡᠷᠭᠡ ᠬᠦᠴᠦᠨ ᠵᠦᠢᠯ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠳᠠᠯ ᠢ ᠣᠶᠢᠯᠠᠭᠠᠬᠤ ᠶᠢ ᠭᠦᠨᠵᠡᠭᠡᠶ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠦᠬᠦᠨ ᠢ ᠪᠠᠶᠢᠴᠠᠭᠠᠨ ᠳᠣᠲᠣᠯᠠᠵᠤ᠂ ᠠᠰᠠᠭᠤᠳᠠᠯ ᠢ ᠶᠡᠭᠡ ᠬᠡᠮᠵᠢᠶ᠎ᠡ ᠪᠠᠷ ᠪᠠᠶᠢᠴᠠᠭᠠᠵᠤ ᠶᠢ ᠪᠡᠶᠡᠯᠡᠭᠦᠯᠵᠦ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map