ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠬᠦᠢᠴᠡᠳᠭᠡᠬᠦ ᠵᠦᠪᠯᠡᠯ ︵ᠥᠷᠭᠡᠳᠬᠡᠭᠰᠡᠨ︶ ᠤᠨ ᠬᠤᠷᠠᠯ ᠬᠤᠷᠠᠯᠳᠤᠪᠠ  ᠴᠢ ᠹᠸᠢ ᠶᠦᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-04-20
     4 ᠰᠠᠷ᠎ᠠ ᠶᠢᠨ 17 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠬᠦᠢᠴᠡᠳᠭᠡᠬᠦ ᠵᠦᠪᠯᠡᠯ ︵ᠥᠷᠭᠡᠳᠬᠡᠭᠰᠡᠨ︶ ᠤᠨ ᠬᠤᠷᠠᠯ ᠬᠤᠷᠠᠯᠳᠤᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠷᠪᠠᠨ ᠨᠢᠭᠡᠳᠦᠭᠡᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2019 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ 2020 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠠᠴᠠ ᠵᠢᠭᠠᠵᠦ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠤᠯᠤᠰ ᠲᠦᠷᠦ ᠶᠢᠨ ᠵᠥᠪ ᠴᠢᠭᠯᠡᠯ ᠢ ᠪᠠᠲᠤᠯᠠᠬᠤ ᠬᠡᠷᠡᠭᠲᠡᠢ︔ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠡᠮᠡᠭᠲᠡᠶᠢᠴᠦᠳ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠳᠡᠢ︔ ︽ᠠᠶᠢᠯ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠢᠨᠵᠧᠨᠧᠷᠢᠩ︾ ᠢ ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠬᠡᠷ ᠤᠨ ᠰᠤᠷᠭᠠᠯ ᠬᠡᠷ ᠤᠨ ᠰᠤᠷᠲᠠᠯ ᠢᠶᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠵᠦ᠂ ᠡᠮᠡᠭᠲᠡᠶᠢᠴᠦᠳ ᠬᠡᠤᠬᠡᠳ ᠲᠤ ᠰᠡᠳᠬᠢᠯ ᠳᠡᠯᠪᠢᠨ ᠦᠢᠯᠡᠴᠢᠯᠡᠵᠦ᠂ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠴᠢᠷᠮᠠᠶᠢᠨ ᠬᠠᠮᠠᠭᠠᠯᠠᠵᠤ᠂ ᠡᠮᠡᠭᠲᠡᠶᠢᠴᠦᠳ ᠬᠡᠤᠬᠡᠳ ᠢ ᠬᠠᠯᠠᠮᠵᠢᠯᠠᠨ ᠬᠠᠶᠢᠷᠠᠯᠠᠬᠤ ᠬᠡᠷᠡᠭᠲᠡᠶ︔ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢ ᠨᠢᠭᠲᠠ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠡᠮᠡᠭᠲᠡᠶᠢᠴᠦᠳ ᠤᠨ ᠠᠵᠢᠯ ᠤᠨ ᠰᠢᠨ᠎ᠡ ᠶᠢ ᠡᠭᠦᠳᠴᠦ᠂ ᠥᠷᠭᠡᠨ ᠤᠯᠠᠨ ᠡᠮᠡᠭᠳᠡᠶᠢᠴᠣᠳ ᠢ ᠵᠣᠬᠢᠶᠠᠨ ᠪᠠᠶᠢᠭᠤᠯᠤᠨ ᠲᠠᠶᠢᠴᠢᠯᠠᠵᠤ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ ᠡᠮᠡᠭᠳᠡᠶᠢᠴᠣᠳ ᠤᠨ ᠬᠦᠴᠦᠨ ᠢᠶᠠᠨ ᠨᠡᠮᠡᠷᠢᠯᠡᠬᠦ ᠬᠡᠷᠡᠭᠳᠡᠢ ᠬᠡᠵᠡᠢ᠃      ᠴᠢ ᠹᠸᠢ ᠶᠦᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠲᠡᠬᠦᠰ ᠠᠮᠵᠢᠯᠳᠠ ᠣᠯᠬᠤ ᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠵᠢᠯ᠂ ᠪᠠᠰᠠ ᠴᠤ ᠮᠠᠨ ᠤ ᠬᠤᠳᠠ ᠶᠢᠨ ︽ᠲᠠᠪᠤᠨ ᠣᠷᠣᠨ︾ ᠢ ᠪᠥᠲᠥᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠢᠯ ᠪᠣᠯᠤᠨ᠎ᠠ᠃ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠦᠨᠳᠦ ᠡᠭᠦᠷᠭᠡ ᠪᠠ ᠠᠵᠠ ᠲᠣᠬᠢᠶᠠᠯ ᠬᠢᠬᠡᠳ ᠥᠷᠢᠰᠥᠯᠳᠦᠭᠡᠨ ᠢᠶᠠᠷ ᠳᠦᠭᠦᠷᠦᠭᠰᠡᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠤᠷᠴᠢᠨ ᠨᠥᠬᠦᠴᠡᠯ ᠤᠨ ᠡᠮᠦᠨ᠎ᠡ᠂ ᠪᠦᠬᠦ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠤᠬᠢᠶᠠᠨ ᠪᠠᠶᠢᠭᠤᠯᠤᠯᠲᠠ ᠲᠤᠰ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠡᠮᠡᠭᠲᠡᠢ ᠣᠯᠠᠨ ᠲᠦᠮᠡᠨ ᠲᠠᠢ ᠬᠠᠮᠤᠭ ᠤᠨ ᠶᠡᠭᠡ ᠬᠡᠮᠵᠢᠶ᠎ᠡ ᠪᠠᠷ ᠪᠦᠯᠬᠦᠮᠳᠡᠵᠦ᠂ ᠡᠮᠡᠭᠲᠡᠶᠢᠴᠦᠳ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠳᠤ ᠬᠦᠴᠦᠯᠡᠨ ᠣᠷᠣᠯᠴᠠᠵᠤ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠬᠠᠮᠲᠤ᠂ ᠡᠮᠡᠭᠲᠡᠶᠢᠴᠦᠳ ᠤᠨ ᠦᠢᠯᠡᠰ ᠤᠨ ᠰᠢᠨ᠎ᠡ ᠪᠠᠶᠢᠳᠠᠯ ᠢ ᠪᠤᠢ ᠪᠣᠯᠭᠠᠵᠤ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ 2 ᠪᠠᠶᠢᠩᠭᠤ ᠶᠢᠨ ᠭᠡᠰᠢᠭᠦᠨ ᠢ ᠰᠣᠩᠭᠤᠵᠤ᠂ 1 ᠭᠦᠢᠴᠡᠳᠬᠡᠬᠦ ᠭᠡᠰᠢᠭᠦᠨ ᠢ ᠣᠷᠣᠯᠠᠨ ᠨᠥᠬᠦᠪᠥᠷᠢᠯᠡᠵᠦ᠂ ᠬᠤᠳᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠣᠯᠣᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠵᠢᠴᠢ ᠦᠬᠠᠢ ᠬᠤᠳᠠ ᠶᠢᠨ ᠡᠮᠡᠭᠲᠡᠶᠢᠴᠦᠳ ᠤᠨ ᠨᠠᠢᠮᠠᠳᠤᠭᠠᠷ ᠣᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠨ ᠪᠠᠲᠤᠯᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map