ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ 2020 ᠣᠨ ᠤ ᠨᠠᠮ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-20
     4 ᠰᠠᠷ᠎ᠠ ᠶᠢᠨ 17 ᠤ ᠡᠳᠦᠷ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ 2020 ᠣᠨ ᠤ ᠨᠠᠮ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠣᠵᠣ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠰᠣ᠋ ᠵᠥᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠠᠴᠠ 2019 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠢᠭᠡᠴᠡ ᠶᠢ ᠰᠠᠶᠢᠰᠢᠶᠠᠨ ᠬᠦᠬᠢᠬᠦᠯᠵᠦ᠂ 2019 ᠣᠨ ᠤ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠰᠦᠢᠳᠭᠡᠯ ᠤᠨ ᠣᠷᠣᠯᠭ᠎ᠠ ᠵᠠᠷᠣᠯᠭ᠎ᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠡᠨᠡ ᠵᠢᠯ ᠤᠨ ᠪᠠᠶᠢᠭᠤᠯᠭ᠎ᠠ ᠶᠢᠨ ᠨᠠᠮ ᠤᠨ ᠠᠵᠢᠯ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠵᠢᠭᠠᠵᠦ ᠭᠠᠷᠭᠠᠭᠰᠠᠨ ᠨᠢ᠂ 2019 ᠣᠨ ᠳᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷᠴᠤᠳ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰ ᠠᠮᠵᠢᠯᠳᠠ ᠣᠯᠬᠤ ᠵᠢᠯ ᠪᠣᠯᠤᠨ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠦᠨᠡᠨᠬᠦ ᠪᠠᠬᠢᠵᠢᠭᠦᠯᠵᠦ᠂ ᠰᠤᠷᠲᠠᠯ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠳᠤ ᠱᠠᠳᠤ ᠪᠠᠷ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ︽ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠬᠤ᠂ ᠠᠷᠠᠳ ᠣᠯᠠᠨ ᠢ ᠰᠡᠳᠬᠢᠯ ᠬᠠᠨᠤᠮᠵᠢᠲᠠᠶ ᠪᠠᠶᠢᠯᠭᠠᠬᠤ︾ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠥᠭᠵᠢᠯᠲᠡ ᠳᠤ ᠦᠢᠯᠡᠴᠢᠯᠡᠬᠦ ᠲᠤᠲᠤᠭᠠᠲᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map