ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2020-04-21
     2019 ᠣᠨ ᠳᠤ᠂ ᠬᠠᠶᠢᠨᠠᠨ ᠲᠣᠭᠤᠷᠢᠭ ᠡᠯ᠎ᠡ ᠵᠦᠢᠯ ᠤᠨ ᠬᠠᠷᠠᠯᠲᠠᠲᠤ ᠡᠭᠦᠷᠭᠡ ᠪᠠᠨ ᠨᠡᠯᠢᠶᠡᠳ ᠰᠠᠶᠢᠨ ᠪᠠᠶᠡᠯᠡᠭᠦᠯᠪᠡ᠃ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 10.9% ᠨᠡᠮᠡᠭᠲᠡᠵᠦ᠂ ᠪᠥᠬᠦ ᠬᠤᠲᠠ ᠶᠢᠨ ᠲᠡᠷᠢᠭᠦᠨ ᠳᠤ ᠣᠷᠣᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠪᠥᠬᠦ ᠬᠤᠲᠠ ᠶᠢᠨ ᠬᠤᠶᠠᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 12.09 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.5% ᠨᠡᠮᠡᠭᠳᠡᠪᠡ︔ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43389 ᠲᠥᠭᠦᠷᠢᠭ ᠪᠠ 19383 ᠲᠥᠭᠦᠷᠢᠭ ᠲᠤ ᠬᠦᠷᠴᠦ᠂ ᠲᠣᠰ ᠲᠣᠰ 6.5% ᠪᠠ 10.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 10.17 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠨᠡᠮᠡᠭᠳᠡᠵᠦ᠂ ᠡᠯ᠎ᠡ ᠵᠦᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠨᠢ ᠴᠥᠮ ᠵᠢᠱᠢᠯᠲᠡ ᠠᠴᠠ ᠰᠠᠶᠢᠨ ᠪᠠᠶᠢᠨ᠎ᠠ᠃      2020 ᠣᠨ ᠳᠤ᠂ ᠬᠠᠶᠢᠨᠠᠨ ᠲᠣᠭᠤᠷᠢᠭ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ  ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠲᠠᠪᠤᠨ ᠣᠷᠣᠨ︾ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ ᠨᠢᠭᠡᠳᠦᠯᠲᠡᠶ ᠲᠥᠯᠦᠪᠯᠡᠨ ᠠᠬᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠥᠲᠦᠭᠡᠵᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠨ᠎ᠠ      4 ᠰᠠᠷ᠎ᠠ ᠶᠢᠨ 15 ᠤ ᠡᠳᠦᠷ᠂ ᠬᠠᠶᠢᠨᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠲᠡᠭᠦᠰᠪᠡ᠃      2020 ᠣᠨ ᠳᠤ᠂ ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠦᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠪᠦᠬᠦ ᠬᠤᠲᠠ ᠶᠢᠨ ᠲᠠᠪᠤᠨ ᠣᠷᠣᠨ ᠤ ᠪᠠᠶᠢᠭᠤᠯᠤᠯᠲᠠ ᠬᠥᠭᠵᠢᠯᠲᠡ ᠶᠢᠨ ᠰᠡᠳᠬᠢᠴᠡ ᠪᠣᠯᠤᠨ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ ᠪᠦᠯᠬᠦᠮᠳᠡᠯ ᠪᠣᠯᠤᠨ ᠠᠷᠠᠳᠴᠢᠯᠠᠯ ᠤᠨ ᠬᠤᠶᠠᠷ ᠶᠡᠭᠡ ᠭᠤᠤᠯ ᠰᠡᠳᠦᠪ ᠢ ᠪᠠᠷᠢᠮᠲᠠᠯᠠᠨ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠭᠤᠷᠪᠠᠨ ᠶᠡᠭᠡ ᠡᠭᠦᠷᠭᠡ ᠴᠢᠳᠠᠪᠤᠷᠢ ᠪᠠᠨ ᠦᠨᠡᠨ ᠬᠦ ᠭᠦᠢᠴᠡᠳᠭᠡᠵᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠬᠤᠤᠰ ᠴᠢᠭᠯᠡᠯ ᠢᠶᠠᠷ ᠬᠦᠴᠦᠯᠡᠵᠦ᠂ ᠰᠢᠨ᠎ᠡ ᠴᠠᠭ ᠦᠶ᠎ᠡ ᠶᠢᠨ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠬᠠᠶᠢᠨᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map