ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠡᠮᠡᠭᠲᠡᠶ ᠠᠵᠢᠯᠲᠠᠨ ᠠᠵᠢᠯᠴᠢᠨ ᠤ ᠬᠦᠴᠢᠷᠳᠡᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2020-04-21
     ᠡᠮᠡᠭᠲᠡᠶ ᠠᠵᠢᠯᠲᠠᠨ ᠠᠵᠢᠯᠴᠢᠨ ᠤ ᠡᠪᠡᠳᠴᠢᠨ ᠡᠮᠭᠡᠭ ᠤᠨ ᠠᠶᠤᠯ ᠲᠦᠭᠰᠢᠬᠦᠷᠢ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠠᠰᠢᠭ ᠲᠤᠰᠠ ᠶᠢ ᠨᠠᠩ ᠰᠠᠶᠢᠲᠤᠷ ᠬᠠᠮᠠᠭᠠᠯᠠᠬᠤ ᠶᠢᠨ ᠲᠥᠯᠥᠭᠡ᠂ ᠡᠨᠡ ᠵᠢᠯ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ︽ᠡᠮᠡᠭᠲᠡᠶ ᠠᠵᠢᠯᠲᠠᠨ ᠠᠵᠢᠯᠴᠢᠨ ᠤ ᠣᠨᠴᠠᠭᠠᠶ ᠡᠪᠡᠳᠴᠢᠨ ᠤ ᠳᠠᠭᠠᠳᠬᠠᠯ︾ ᠤᠨ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠪᠦᠬᠦᠯᠢ 18 ᠨᠠᠰᠤᠨ ᠠᠴᠠ ᠪᠦᠬᠦᠯᠢ 60 ᠨᠠᠰᠤ ᠬᠦᠷᠲᠡᠯᠡᠬᠢ ᠠᠵᠢᠯ ᠤᠨ ᠪᠠᠶᠢᠷᠢ ᠳᠡᠭᠡᠷᠡᠬᠢ ᠡᠮᠡᠭᠲᠡᠶ ᠠᠵᠢᠯᠲᠠᠨ ᠠᠵᠢᠯᠴᠢᠨ ᠳᠤ 1000 ᠬᠤᠪᠢ ︽ᠡᠮᠡᠭᠲᠡᠶ ᠠᠵᠢᠯᠲᠠᠨ ᠠᠵᠢᠯᠴᠢᠨ ᠤ ᠤᠨᠴᠠ ᠡᠪᠡᠳᠴᠢᠨ ᠤ ᠳᠠᠭᠠᠳᠬᠠᠯ︾ ᠤᠨ ᠭᠤᠶᠤᠴᠢᠯᠠᠨ ᠠᠪᠬᠤ ᠣᠷᠣᠨ ᠲᠤᠭ᠎ᠠ ᠶᠢ ᠣᠯᠭᠤᠬᠤ ᠶᠢᠨ ᠬᠠᠮᠲᠤ ᠠᠵᠢᠯᠴᠢᠨ ᠤ ᠡᠪᠯᠡᠯ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠲᠦᠰᠢᠭᠯᠡᠨ ᠰᠦᠢᠳᠭᠡᠯ ᠬᠤᠷᠢᠶᠠᠬᠤ ᠥᠬᠡᠶ ᠪᠠᠷ ᠭᠤᠶᠤᠴᠢᠯᠠᠨ ᠠᠪᠬᠤ ᠪᠠᠷ ᠲᠥᠯᠥᠪᠯᠡᠵᠦ ᠪᠠᠶᠢᠨ᠎ᠠ᠃      ᠣᠲᠣ ᠪᠣᠯᠲᠠᠯ᠎ᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠨᠢᠭᠡᠨᠲᠡ 3 ᠵᠢᠯ ᠳᠠᠷᠠᠭᠠᠯᠠᠨ 3000 ᠡᠮᠡᠭᠲᠡᠶ ᠠᠵᠢᠯᠲᠠᠨ ᠠᠵᠢᠯᠴᠢᠨ ᠳᠤ ᠲᠣᠰ ᠳᠠᠭᠠᠳᠬᠠᠯ ᠢ ᠬᠤᠳᠠᠯᠳᠤᠨ ᠠᠪᠴᠤ ᠥᠭᠴᠡᠶ᠃ ᠡᠭᠦᠨ ᠳᠤ 2 ᠡᠮᠡᠭᠲᠡᠶ ᠠᠵᠢᠯᠲᠠᠨ ᠠᠵᠢᠯᠴᠢᠨ ᠳᠠᠭᠠᠳᠬᠠᠯ ᠤᠨ ᠲᠥᠯᠥᠪᠦᠷᠢ ᠮᠥᠩᠭᠦ ᠣᠯᠵᠤ᠂ ᠨᠡᠶᠢᠲᠡ 9 ᠲᠦᠮᠡᠨ ᠲᠦᠬᠦᠷᠢᠭ ᠣᠯᠤᠭᠰᠠᠨ ᠪᠠᠶᠢᠨ᠎ᠠ᠃ ︽ᠡᠮᠡᠭᠲᠡᠶ ᠠᠵᠢᠯᠲᠠᠨ ᠠᠵᠢᠯᠴᠢᠨ ᠤ ᠣᠨᠴᠠ ᠡᠪᠡᠳᠴᠢᠨ ᠤ ᠳᠠᠭᠠᠳᠬᠠᠯ︾ ᠤᠨ ᠠᠵᠢᠯ ᠢ ᠦᠷᠭᠦᠯᠵᠢᠯᠡᠨ ᠦᠷᠨᠢᠬᠦᠯᠦᠭᠰᠡᠨ ᠨᠢ ᠠᠵᠢᠯᠴᠢᠨ ᠤ ᠶᠡᠷᠦᠩᠬᠡᠢ ᠡᠪᠯᠡᠯ ᠤᠨ ᠡᠮᠡᠭᠲᠡᠶ ᠠᠵᠢᠯᠲᠠᠨ ᠠᠵᠢᠯᠴᠢᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠨᠳᠦ ᠡᠪᠡᠳᠴᠢᠨ ᠳᠤ ᠨᠡᠷᠪᠡᠭᠳᠡᠭᠰᠡᠨ ᠡᠮᠡᠭᠲᠡᠶ ᠠᠵᠢᠯᠲᠠᠨ ᠠᠵᠢᠯᠴᠢᠨ ᠤ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠦᠭᠴᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map